ᠤᠯᠠᠭᠠᠨᠬᠤᠳᠠ ᠶᠢᠨ ᠠᠵᠦ ᠠᠬᠤᠶᠢᠯᠠᠯ ᠪᠤᠷᠤᠯᠠᠭᠤᠯᠭ᠎ᠠ ᠪᠠᠨ ᠦᠷᠭᠡᠳᠭᠡᠨ ᠠᠵᠤ ᠠᠬᠤᠢ ᠶᠢᠨ ᠬᠦᠭᠵᠢᠯᠳᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/6/10
        ᠵᠡᠬᠦᠨ ᠬᠤᠶᠢᠳᠦ ᠤᠷᠤᠨ ᠢ ᠬᠦᠭᠵᠢᠬᠦᠯᠦᠨ ᠮᠠᠨᠳᠤᠭᠤᠯᠬᠤ ᠨᠢ ᠠᠵᠦ ᠠᠬᠤᠶᠢᠯᠠᠯ ᠤᠨ ᠬᠦᠭᠵᠢᠯᠳᠡ ᠳᠤ ᠠᠵᠠ ᠲᠤᠬᠢᠶᠠᠯ ᠤᠯᠭᠤᠵᠦ᠂ ᠦᠪᠦᠷ ᠮᠤᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠳᠦ ᠺᠤᠮᠫᠠᠨᠢ᠂ ᠤᠯᠠᠭᠠᠨᠬᠤᠳᠠ ᠶᠢᠨ ᠱᠦᠨ ᠶᠤᠸᠠᠨ ᠲᠠᠷᠢᠶᠠᠯᠠᠩ ᠤᠨ ᠮᠠᠰᠢᠨ ᠦᠢᠯᠡᠳᠬᠦ ᠬᠢᠵᠠᠭᠠᠷᠳᠦ ᠺᠤᠮᠫᠠᠨᠢ ᠡᠨᠡᠬᠦ ᠠᠵᠦ ᠦᠢᠯᠡᠰ ᠤᠨ ᠰᠢᠨ᠎ᠡ ᠨᠡᠮᠡᠭᠳᠡᠯ ᠤᠨ ᠬᠦᠴᠦᠨ ᠢ ᠰᠠᠶᠢᠳᠤᠷ ᠠᠳᠬᠤᠵᠦ᠂ ᠬᠦᠭᠵᠢᠯᠳᠡ ᠶᠢᠨ ᠲᠠᠯᠳᠠ ᠬᠦᠴᠦᠨ ᠢᠶᠠᠨ ᠪᠠᠳᠠᠷᠠᠭᠤᠯᠵᠦ᠂ ᠪᠠᠶᠠᠷᠯᠠᠭᠤᠰᠢᠲᠠᠶ ᠬᠢᠷᠢ ᠪᠦᠲᠦᠮᠵᠢ ᠤᠯᠤᠭᠰᠠᠨ ᠪᠠᠶᠢᠨ᠎ᠠ᠃        ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠬᠦᠷᠬᠦ ᠳᠤ᠂ ᠠᠵᠢᠯᠴᠢᠳ ᠶᠠᠭᠠᠷᠠᠯᠳᠠᠢ ᠠᠵᠢᠯᠯᠠᠨ᠂ ᠦᠢᠯᠡᠳᠪᠦᠷᠢ ᠶᠢᠨ ᠲᠠᠰᠤᠭ ᠤᠨ ᠭᠠᠳᠠᠨ᠎ᠠ ᠪᠦᠳᠦᠭᠡᠭᠳᠡᠬᠦᠨ ᠢᠶᠠᠨ ᠲᠡᠷᠭᠡᠨ ᠳᠤ ᠵᠦᠭᠡᠭᠡᠪᠦᠷᠢᠯᠡᠬᠦ ᠪᠠᠷ ᠪᠡᠯᠡᠳᠭᠡᠨ᠎ᠡ᠃ ᠣᠶᠢᠯᠠᠭᠠᠭᠰᠠᠨ ᠢᠶᠠᠷ᠂ ᠲᠤᠰ ᠠᠵᠦ ᠠᠬᠤᠶᠢᠯᠠᠯ ᠡᠨᠡ ᠵᠢᠯ ᠴᠠᠩᠴᠦ᠋ᠨ ᠬᠤᠲᠠ ᠳᠤ 12 ᠤᠳᠠᠭ᠎ᠠ ᠪᠦᠳᠦᠭᠡᠭᠳᠡᠬᠦᠨ ᠢᠶᠠᠨ ᠬᠦᠷᠭᠡᠵᠦ᠂ ᠴᠠᠩᠴᠦ᠋ᠨ ᠤ ᠡᠸᠤ ᠶᠠ ᠴᠢᠯᠦᠭᠡᠳᠦ ᠲᠡᠯᠭᠡᠬᠦᠷ ᠤᠨ 54 ᠲᠡᠯᠭᠡᠬᠦᠷ ᠲᠤ ᠬᠠᠩᠭᠠᠬᠤ ᠪᠤᠯᠪᠠ᠃        ︽ᠤᠳᠤᠬᠠᠨ ᠳᠤ ᠴᠠᠩᠴᠦ᠋ᠨ ᠤ ᠡᠸᠦ ᠶᠠ ᠴᠢᠯᠦᠭᠡᠳᠦ ᠲᠡᠯᠭᠡᠬᠦᠷ ᠲᠤ ᠺᠧ ᠴᠢᠨ ᠸᠠᠨ ᠵᠢᠶᠠ ᠶᠢᠨ ᠦᠢᠯᠡᠳᠪᠦᠷᠢᠯᠡᠭᠰᠡᠨ ᠵᠢᠶᠠᠩᠶ᠋ᠢᠦ᠂ ᠼᠤᠤ᠂ ᠳᠠᠪᠤᠰᠤᠯᠠᠬᠰᠠᠨ ᠪᠦ᠋ ᠯᠢᠦ ᠺᠧ ᠵᠡᠷᠭᠡ ᠪᠦᠲᠦᠭᠡᠭᠳᠡᠬᠦᠨ ᠢ ᠬᠠᠩᠭᠠᠬᠤ ᠶᠢᠨ ᠬᠠᠮᠳᠦ ᠬᠢᠷᠢᠨ᠂ ᠯᠢᠶᠣᠤᠨᠢᠩ ᠵᠡᠷᠭᠡ ᠭᠠᠵᠠᠷ ᠤᠨ ᠴᠠᠭᠠᠨ ᠨᠣᠭᠤᠭ᠎ᠠ ᠶᠢ ᠬᠤᠳᠠᠯᠳᠤᠨ ᠠᠪᠴᠤ ᠲᠠᠷᠤᠰᠢᠭᠤᠯᠤᠭᠰᠠᠨ ᠴᠠᠭᠠᠨ ᠨᠤᠭᠤᠭ᠎ᠠ ᠬᠢᠵᠦ᠂ ᠬᠡᠯᠬᠢᠶᠡᠵᠢᠭᠰᠡᠨ ᠮᠢ ᠼᠦᠨ ᠪᠠᠨ ᠹᠠᠨ ᠡᠵᠡᠩᠨᠡᠵᠤ ᠪᠠᠶᠢᠭ᠎ᠠ 1850 ᠬᠤᠭᠤᠯᠠᠨ ᠭᠡᠷ ᠲᠤ ᠲᠠᠷᠤᠰᠢᠭᠤᠯᠤᠭᠰᠠᠨ ᠴᠠᠭᠠᠨ ᠨᠤᠭᠤᠭ᠎ᠠ ᠬᠠᠩᠭᠠᠬᠤ ᠬᠠᠮᠳᠤᠷᠠᠯᠴᠠᠭᠠᠨ ᠤ ᠵᠦᠪᠯᠡᠯᠴᠡᠭᠡᠷ ᠲᠤᠭᠳᠠᠭᠰᠠᠨ ᠪᠠᠶᠢᠨ᠎ᠠ᠃ ᠲᠠᠷᠠᠭᠠᠴᠢ ᠪᠠᠷ᠂ ᠺᠧ ᠴᠢᠨ ᠸᠠᠨ ᠵᠢᠶᠠ ᠵᠡᠬᠦᠨ ᠬᠤᠶᠢᠳᠦ ᠤᠷᠤᠨ ᠤ ᠵᠠᠬ᠎ᠠ ᠲᠡᠯᠭᠡᠬᠦᠷ ᠲᠤ ᠠᠩᠬᠠᠷᠤᠯ ᠢᠶᠠᠨ ᠲᠦᠪᠯᠡᠷᠡᠬᠦᠯᠵᠦ᠂ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠪᠠᠨ ᠴᠢᠩᠭᠠᠳᠬᠠᠵᠤ᠂ ᠵᠡᠭᠦᠨ ᠬᠤᠶᠢᠲᠤ ᠣᠷᠣᠨ ᠤ ᠬᠡᠷᠡᠭᠯᠡᠭᠴᠢᠳ ᠤᠨ ᠬᠡᠷᠡᠭᠴᠡᠭᠡ ᠳᠤ ᠨᠡᠶᠢᠴᠡᠬᠦ ᠨᠡᠩ ᠤᠯᠠᠨ ᠦᠢᠯᠡᠳᠬᠦᠨ ᠢ ᠦᠢᠯᠡᠳᠴᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ︾ ᠭᠡᠵᠦ ᠥᠪᠥᠷ ᠮᠣᠩᠭᠤᠯ ᠤᠨ ᠺᠧ ᠴᠢᠨ ᠸᠠᠨ ᠵᠢᠶᠠ ᠬᠢᠵᠠᠭᠠᠷᠳᠦ ᠺᠤᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠯᠢ ᠬᠠᠶ ᠵᠢᠩ ᠬᠡᠯᠡᠨ᠎ᠡ᠃        ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ ᠲᠠᠢ ᠠᠳᠠᠯᠢ ᠪᠠᠷ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠤᠨ ᠮᠠᠰᠢᠨ ᠦᠢᠯᠡᠳᠬᠦ ᠬᠢᠵᠠᠭᠠᠷᠲᠤ ᠺᠤᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠠᠵᠢᠯᠴᠢᠳ ᠲᠠᠷᠢᠶᠠᠯᠠᠩ ᠤᠨ ᠮᠠᠰᠢᠨ ᠲᠥᠬᠦᠭᠡᠷᠦᠮᠵᠢ ᠪᠠᠨ ᠲᠤᠷᠰᠢᠨ ᠲᠣᠬᠢᠷᠠᠭᠤᠯᠵᠤ᠂ ᠬᠠᠷᠠᠮᠥ᠋ᠷᠡᠨ᠂ ᠭᠢᠷᠢᠨ᠂ ᠯᠢᠶᠣᠤᠨᠢᠩ ᠵᠡᠷᠭᠡ ᠭᠠᠵᠠᠷ ᠤᠨ ᠵᠠᠬᠢᠶᠠᠯᠠᠭ᠎ᠠ ᠶᠢ ᠬᠦᠷᠭᠡᠬᠦ ᠪᠠᠷ ᠪᠡᠯᠡᠳᠭᠡᠨ᠎ᠡ         ︽ᠡᠨᠡ ᠵᠢᠯ 1200 ᠭᠠᠷᠤᠢ ᠦᠷ᠎ᠠ ᠰᠠᠴᠤᠬᠤ ᠮᠠᠰᠢᠨ ᠪᠤᠷᠤᠯᠠᠭᠤᠯᠵᠦ᠂ ᠪᠣᠷᠣᠯᠠᠭᠤᠯᠭ᠎ᠠ ᠶᠢᠨ ᠬᠡᠮᠵᠢᠶ᠎ᠡ 1 ᠳ᠋ᠦᠩᠰᠢᠭᠤᠷ ᠲᠥᠭᠦᠷᠢᠭ ᠲᠤ ᠬᠦᠷᠪᠡ᠂ ᠡᠬᠦᠨ ᠳᠤ ᠵᠡᠬᠦᠨ ᠬᠤᠶᠢᠳᠦ ᠶᠢᠨ ᠭᠤᠷᠪᠠᠨ ᠮᠤᠵᠢ ᠶᠢᠨ ᠪᠤᠷᠤᠯᠠᠭᠤᠯᠭ᠎ᠠ ᠶᠢᠨ ᠬᠡᠮᠵᠢᠶ᠎ᠡ 700 ᠭᠠᠷᠤᠢ ᠪᠠᠶᠢᠵᠦ᠂ ᠪᠦᠬᠦ ᠪᠤᠷᠤᠯᠠᠭᠤᠯᠭ᠎ᠠ ᠶᠢᠨ 60% ᠶᠢ ᠡᠵᠡᠯᠡᠵᠦ ᠪᠤᠢ᠃ ᠪᠢᠳᠡ ᠪᠠᠰᠠ ᠵᠡᠬᠦᠨ ᠬᠤᠶᠢᠳᠦ ᠶᠢᠨ ᠭᠤᠷᠪᠠᠨ ᠮᠤᠵᠢ ᠶᠢᠨ ᠭᠤᠤᠯᠳᠠᠯᠭ᠎ᠠ ᠲᠠᠢ ᠲᠠᠷᠢᠶᠠᠯᠠᠩ ᠤᠨ ᠶᠡᠭᠡ ᠰᠤᠷᠭᠠᠭᠤᠯᠢ ᠲᠠᠢ ᠨᠢᠭᠳᠠ ᠬᠠᠮᠳᠤᠷᠠᠨ ᠠᠵᠢᠯᠯᠠᠵᠦ᠂ ᠣᠲᠣ ᠶᠠᠭ ᠳᠡᠭᠡᠳᠦ ᠬᠤᠷᠳᠤᠴᠠᠲᠤ ᠣᠶᠤᠨᠴᠢ ᠦᠷ᠎ᠡ ᠰᠠᠴᠤᠬᠤ ᠮᠠᠰᠢᠨ ᠢ ᠰᠤᠳᠤᠯᠤᠨ ᠨᠡᠭᠡᠭᠡᠵᠦ᠂ ᠦᠷ᠎ᠠ ᠰᠠᠴᠤᠬᠤ ᠨᠠᠷᠢᠯᠢᠭ ᠤᠨ ᠬᠡᠮᠵᠢᠶ᠎ᠡ ᠶᠢ ᠪᠦᠳᠦᠮᠵᠢᠳᠡᠢ ᠪᠠᠷ ᠲᠡᠭᠡᠭᠰᠢᠯᠡᠬᠦᠯᠵᠦ᠂ ᠵᠡᠬᠦᠨ ᠬᠤᠶᠢᠳᠦ ᠶᠢᠨ ᠲᠠᠷᠢᠶᠠᠯᠠᠩ ᠤᠨ ᠤᠳᠤᠬᠢᠴᠢᠯᠠᠯᠳᠠ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ︾ ᠭᠡᠵᠦ ᠤᠯᠠᠭᠠᠨᠬᠤᠳᠠ ᠶᠢᠨ ᠱᠦᠨ ᠶᠤᠸᠠᠨ ᠲᠠᠷᠢᠶᠠᠯᠠᠩ ᠤᠨ ᠮᠠᠰᠢᠨ ᠤ ᠬᠢᠵᠠᠭᠠᠷᠳᠦ ᠺᠤᠮᠫᠠᠨᠢ ᠶᠢᠨ ᠶᠡᠷᠦᠩᠭᠡᠢ ᠲᠠᠭᠠᠭᠠᠮᠠᠯ ᠯᠢᠦ ᠵᠢᠩ ᠬᠡᠯᠡᠨ᠎ᠡ᠃        ᠤᠢᠢᠷ᠎ᠠ ᠶᠢᠨ ᠵᠢᠯ ᠤᠨ ᠲᠤᠷᠰᠢ᠂ ᠱᠦᠨ ᠶᠤᠸᠠᠨ ᠲᠠᠷᠢᠶᠠᠯᠠᠩ ᠤᠨ ᠮᠠᠰᠢᠨ ᠤ ᠬᠢᠵᠠᠭᠠᠷᠳᠦ ᠺᠤᠮᠫᠠᠨᠢ ᠪᠠᠰᠠ ᠬᠠᠷᠠᠮᠦ᠋ᠷᠡᠨ᠂ ᠬᠢᠷᠢᠨ᠂ ᠯᠢᠶᠤᠤᠨᠢᠩ ᠤᠨ ᠲᠤᠬᠠᠢ ᠶᠢᠨ ᠭᠠᠵᠠᠷ ᠤᠨ ᠲᠠᠷᠢᠶᠠᠯᠠᠩ ᠤᠨ ᠲᠤᠰᠬᠠᠢ ᠬᠤᠷᠰᠢᠶ᠎ᠡ᠂ ᠲᠠᠷᠢᠵᠦ ᠤᠷᠭᠤᠭᠤᠯᠬᠤ ᠲᠤᠮᠦ ᠡᠷᠦᠭᠡ ᠲᠠᠢ ᠤᠷᠳᠦ ᠬᠤᠭᠤᠴᠠᠭᠠᠨ ᠤ ᠬᠠᠮᠳᠤᠷᠠᠯᠴᠠᠭᠠᠨ ᠤ ᠬᠠᠷᠢᠴᠠᠭ᠎ᠠ ᠪᠠᠶᠢᠭᠤᠯᠵᠦ᠂ ︽ᠪᠤᠷᠤᠯᠠᠭᠤᠯᠬᠤ ᠠᠴᠠ ᠡᠮᠦᠨ᠎ᠡ ᠠᠰᠠᠭᠤᠨ ᠯᠠᠪᠯᠠᠬᠤ᠂ ᠪᠤᠷᠤᠯᠠᠭᠤᠯᠬᠤ ᠲᠤᠮᠳᠠ ᠤᠭᠰᠠᠷᠠᠭᠤᠯᠬᠤ᠂ ᠪᠤᠷᠤᠯᠠᠭᠤᠯᠤᠭᠰᠠᠨ ᠤ ᠲᠠᠷᠠᠭ᠎ᠠ ᠰᠠᠯᠪᠢᠨ ᠵᠠᠰᠠᠵᠦ ᠦᠭᠬᠦ︾ ᠦᠢᠯᠡᠴᠢᠯᠡᠭᠡ ᠶᠢ ᠪᠠᠳᠤᠳᠠᠢ ᠬᠠᠩᠭᠠᠵᠠᠢ᠃  ᠲᠤᠤ ᠴᠢᠶᠠᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号