| ᠤᠢᠢᠷ᠎ᠠ ᠳᠤ᠂ ᠰᠤᠷᠪᠤᠯᠵᠢᠯᠠᠭᠴᠢ ᠬᠢᠩᠭᠠᠨ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠤᠪᠴᠢᠶ᠎ᠠ ᠠᠴᠠ ᠤᠢᠢᠯᠠᠭᠠᠭᠰᠠᠠ ᠢᠶᠠᠷ ᠬᠢᠩᠭᠠᠨ ᠢᠯᠢ ᠰᠦ ᠶᠢᠨ ᠦᠢᠯᠡᠰ ᠤᠨ ︽5G+ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠬᠡᠷᠡᠭᠯᠡᠭᠡᠨ ᠤ ᠤᠶᠤᠨᠴᠢ ᠦᠢᠯᠡᠳᠪᠦᠷᠢ 2025 ᠣᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠤᠶᠤᠨᠴᠢ ᠦᠢᠯᠡᠳᠪᠦᠷᠢ ᠶᠢᠨ ᠨᠡᠷᠡᠰ ᠲᠤ | ᠠᠮᠵᠢᠯᠲᠠ ᠲᠠᠢ ᠰᠣᠩᠭᠤᠭᠳᠠᠵᠠᠢ᠃ | ᠤᠶᠤᠨᠴᠢ ᠦᠢᠯᠡᠳᠪᠦᠷᠢ ᠪᠣᠯ ᠦᠢᠯᠡᠳᠬᠦ ᠦᠢᠯᠡᠰ ᠤᠨ ᠲᠣᠭᠠᠴᠢᠯᠠᠭᠰᠠᠨ ᠲᠡᠰᠢ ᠬᠤᠪᠢᠷᠠᠭᠤᠯᠤᠨ ᠲᠡᠰ | ᠲᠡᠪᠰᠢᠬᠦᠯᠬᠦ ᠶᠢ ᠠᠬᠢᠭᠤᠯᠬᠤ ᠵᠠᠩᠭᠢᠯᠠᠭ᠎ᠠ ᠶᠢᠨ ᠴᠢᠭᠯᠡᠯ ᠪᠣᠯᠤᠨ᠎ᠠ᠂ ᠨᠡᠩ ᠴᠤ ᠠᠵᠤ ᠠᠬᠤᠶᠢᠯᠠᠯ ᠤᠨ ᠦᠷᠢᠰᠦᠯᠳᠦᠬᠦ | ᠬᠦᠴᠦᠨ ᠢᠶᠠᠨ ᠳᠡᠭᠡᠭᠰᠢᠯᠡᠭᠦᠯᠬᠦ᠂ ᠦᠷᠬᠦᠯᠵᠢᠯᠡᠬᠦᠶᠢᠴᠡ ᠬᠦᠭᠵᠢᠯᠳᠡ ᠪᠠᠨ ᠪᠡᠶᠡᠯᠡᠬᠦᠯᠬᠦ ᠵᠠᠩᠬᠢᠯᠠᠭ᠎ᠠ ᠪᠤᠯᠤᠨ᠎ᠠ᠃ | 2025 ᠣᠨ ᠳᠤ᠂ ᠬᠢᠩᠭᠠᠨ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ | ᠥᠪᠡᠷᠲᠡᠭᠡᠨ ᠵᠠᠰᠠᠬᠤ ᠣᠷᠣᠨ ᠤ ᠤᠶᠤᠨᠴᠢ ᠦᠢᠯᠡᠳᠪᠦᠷᠢ ᠶᠢ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠳᠠ ᠶᠢᠨ | ᠠᠵᠢᠯ ᠤᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠢᠩᠭᠠᠨ ᠠᠶᠢᠮᠠᠭ ᠤᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠲᠤᠨᠤᠭ ᠲᠥᠬᠦᠭᠡᠷᠦᠮᠵᠢ ᠶᠢ ᠰᠢᠨᠡᠳᠭᠡᠬᠦ᠂ ᠮᠡᠷᠭᠡᠵᠢᠯ ᠢ ᠲᠡᠰ ᠳᠡᠪᠰᠢᠭᠦᠯᠬᠦ᠂ | ᠵᠠᠭᠪᠤᠷ ᠤᠨ ᠰᠢᠨ᠎ᠡ ᠶᠢ ᠡᠭᠦᠳᠬᠦ ᠶᠢ ᠲᠦᠷᠭᠡᠳᠭᠡᠨ ᠠᠬᠢᠭᠤᠯᠵᠤ᠂ ᠠᠵᠤ ᠠᠬᠤᠶᠢᠯᠠᠯ ᠤᠨ ᠤᠶᠤᠨᠴᠢ ᠦᠢᠯᠡᠳᠪᠦᠷᠢ | ᠪᠠᠶᠢᠭᠤᠯᠬᠤ ᠶᠢ ᠪᠦᠬᠦ ᠬᠦᠴᠦᠨ ᠢᠶᠠᠷ ᠳᠡᠮᠵᠢᠵᠤ ᠪᠠᠶᠢᠨ᠎ᠠ᠃ 5 ᠰᠠᠷ᠎ᠠ ᠶᠢᠨ ᠰᠡᠭᠦᠯᠴᠢ ᠪᠣᠯᠲᠠᠯ᠎ᠠ᠂ ᠬᠢᠩᠭᠠᠨ ᠢᠯᠢ | ᠰᠦ ᠶᠢᠨ ᠦᠢᠯᠡᠰ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠤᠶᠤᠨᠴᠢ ᠦᠢᠯᠡᠳᠪᠦᠷᠢ ᠶᠢᠨ ᠦᠨᠡᠯᠡᠨ | ᠲᠣᠭᠲᠠᠭᠠᠬᠤ ᠨᠡᠷᠡᠰ ᠲᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠬᠤᠸᠠ ᠷᠦᠨ ᠰᠢᠤᠸᠠᠢ ᠬᠤᠸᠠ᠂ ᠬᠤᠩ | ᠳ᠋ᠠ ᠰᠢᠬᠠᠨ ᠴᠢᠳᠬᠤᠯᠳᠠ ᠵᠡᠷᠭᠡ 20 ᠠᠵᠤ ᠠᠬᠤᠶᠢᠯᠠᠯ ᠨᠢ ᠦᠨᠳᠦᠰᠦᠨ ᠲᠠᠰ ᠤᠨ ᠤᠶᠤᠨᠴᠢ ᠦᠢᠯᠡᠳᠪᠦᠷᠢ ᠪᠠᠷ | ᠰᠢᠯᠭᠠᠷᠠᠭᠤᠯᠤᠭᠳᠠᠵᠦ᠂ ᠬᠢᠩᠭᠠᠨ ᠠᠶᠢᠮᠠᠭ ᠤᠨ ᠤᠶᠤᠨᠴᠢ ᠦᠢᠯᠡᠳᠬᠦ ᠦᠢᠯᠡᠰ ᠤᠨ ᠬᠡᠪᠴᠢᠶ᠎ᠡ ᠤᠯᠠᠮ ᠢᠶᠠᠷ | ᠦᠷᠭᠡᠵᠢᠵᠡᠢ᠃ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠢᠩᠭᠠᠨ | ᠠᠶᠢᠮᠠᠭ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠭᠡᠵᠦ᠂ | ᠦᠨᠳᠦᠰᠦᠨ ᠳᠡᠰ ᠵᠢᠴᠢ ᠲᠡᠭᠦᠨ ᠠᠴᠠ ᠳᠡᠭᠡᠭᠰᠢᠬᠢ ᠤᠶᠤᠨᠴᠢ ᠦᠢᠯᠡᠳᠪᠦᠷᠢ ᠶᠢᠨ ᠲᠣᠭᠲᠠᠭᠠᠯ ᠳᠠᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠪᠦᠷᠬᠦᠴᠡ ᠶᠢᠨ ᠨᠣᠷᠮ᠎ᠠ ᠶᠢ 50% ᠣᠷᠴᠢᠮ ᠬᠦᠷᠭᠡᠵᠦ᠂ ᠥᠪᠡᠷᠲᠡᠭᠡᠨ | ᠵᠠᠰᠠᠬᠤ ᠣᠷᠣᠨ ᠤ ᠲᠡᠷᠢᠭᠦᠨ ᠤ ᠲᠠᠰ ᠤᠨ ᠤᠶᠤᠨᠴᠢ ᠦᠢᠯᠡᠳᠪᠦᠷᠢ ᠶᠢ 8 — 12 ᠪᠤᠶᠢᠵᠢᠭᠤᠯᠵᠤ᠂ | ᠤᠯᠤᠰ ᠤᠨ ᠲᠠᠰ ᠤᠨ ᠤᠶᠤᠨᠴᠢ ᠦᠢᠯᠡᠳᠪᠦᠷᠢ ᠶᠢ 2 — 3 ᠪᠤᠶᠢᠵᠢᠭᠤᠯᠬᠤ ᠪᠤᠯᠤᠨ᠎ᠠ᠃ ︵ᠲᠤᠯᠭᠠᠭᠤᠷᠢ︶ | | |