ᠬᠢᠩᠭᠠᠨ ᠠᠶᠢᠮᠠᠭ ᠤᠨ ︽ᠰᠠᠯᠪᠤᠷᠢ ᠺᠤᠮᠫᠠᠨᠢ ᠶᠢ ᠬᠤᠪᠢᠶᠠᠷᠢ ᠺᠤᠮᠫᠠᠨᠢ ᠪᠤᠯᠭᠠᠬᠤ︾ ᠦᠭᠡᠷᠡᠴᠢᠯᠡᠯᠳᠡ ᠨᠢ ᠪᠠᠷᠢᠯᠭ᠎ᠠ ᠶᠢᠨ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2025/6/11
        ᠤᠶᠢᠷ᠎ᠠ ᠳᠤ᠂ ᠱᠠᠨᠰᠢ ᠶᠢᠨ ᠬᠤᠸᠠ ᠱᠠ ᠪᠠᠷᠢᠯᠭ᠎ᠠ ᠶᠢᠨ ᠢᠨ᠋ᠵᠤᠨ᠋ᠤᠷᠢᠩ ᠤᠨ ᠬᠢᠵᠠᠭᠠᠷᠳᠦ ᠺᠤᠮᠫᠠᠨᠢ ᠶᠢᠨ ᠬᠤᠪᠢᠶᠠᠷᠢ ᠺᠤᠮᠫᠠᠨᠢ ᠪᠤᠯᠬᠤ ᠬᠢᠩᠭᠠᠨ ᠠᠶᠢᠮᠠᠭ ᠤᠨ ᠵᠧᠨ ᠬᠤᠤ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠳᠦ ᠺᠤᠮᠫᠠᠨᠢ ᠬᠢᠩᠭᠠᠨ ᠠᠶᠢᠮᠠᠭ ᠲᠤ ᠪᠠᠶᠢᠭᠤᠯᠤᠭᠳᠠᠪᠠ᠃ ᠡᠨᠡ ᠪᠤᠯ ᠬᠢᠩᠭᠠᠨ ᠠᠶᠢᠮᠠᠭ ᠤᠨ 2025 ᠤᠨ ᠤ ᠰᠠᠯᠪᠤᠷᠢ ᠺᠤᠮᠫᠠᠨᠢ ᠪᠠᠨ ᠬᠤᠪᠢᠶᠠᠷᠢ ᠺᠤᠮᠫᠠᠨᠢ ᠪᠤᠯᠭᠠᠨ ᠦᠭᠡᠷᠡᠴᠢᠯᠡᠭᠰᠡᠨ ᠠᠩᠬᠠᠳᠠᠭᠴᠢ ᠠᠵᠦ ᠠᠬᠤᠶᠢᠯᠠᠯ ᠪᠤᠯᠤᠨ᠎ᠠ᠂ ᠮᠦᠨ ᠴᠤ ᠬᠢᠩᠭᠠᠨ ᠠᠶᠢᠮᠠᠭ ᠤᠨ ᠰᠠᠯᠪᠤᠷᠢ ᠺᠤᠮᠫᠠᠨᠢ ᠪᠠᠨ ᠬᠤᠪᠢᠶᠠᠷᠢ ᠺᠤᠮᠫᠠᠨᠢ ᠪᠤᠯᠭᠠᠨ ᠦᠭᠡᠷᠡᠴᠢᠯᠡᠭᠰᠡᠨ ᠲᠦᠷᠪᠡᠳᠡᠬᠢ ᠠᠵᠦ ᠠᠬᠤᠶᠢᠯᠠᠯ ᠪᠤᠯᠤᠨ᠎ᠠ᠃ ᠤᠶᠢᠯᠠᠭᠠᠯᠳᠠ ᠪᠠᠷ᠂ ᠲᠤᠰ ᠺᠤᠮᠫᠠᠨᠢ ᠶᠢᠨ ᠬᠠᠩᠭᠠᠭᠰᠠᠨ ᠠᠵᠢᠯ ᠤᠨ ᠪᠠᠶᠢᠷᠢ 350 ᠭᠠᠷᠤᠢ ᠪᠠᠶᠢᠵᠦ᠂ ᠪᠠᠷᠢᠯᠭ᠎ᠠ ᠶᠢᠨ ᠠᠵᠢᠯ᠂ ᠪᠠᠷᠢᠯᠭ᠎ᠠ ᠶᠢᠨ ᠬᠠᠮᠢᠶᠠᠷᠤᠯᠳᠠ᠂ ᠮᠡᠷᠭᠡᠵᠢᠯ ᠤᠨ ᠲᠡᠮᠵᠢᠯᠭᠡ ᠵᠡᠷᠭᠡ ᠤᠯᠠᠨ ᠬᠦᠷᠢᠶ᠎ᠡ ᠶᠢ ᠬᠠᠮᠤᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠬᠤᠭᠤᠴᠠᠭᠠᠨ ᠳᠤ ᠬᠢᠩᠭᠠᠨ ᠠᠶᠢᠮᠠᠭ ᠲᠤ 2 ᠳ᠋ᠦᠩᠰᠢᠭᠤᠷ ᠲᠦᠭᠦᠷᠢᠭ ᠤᠨ ᠦᠢᠯᠡᠳᠬᠦᠨ ᠤ ᠦᠷᠳᠡᠭ ᠨᠡᠮᠡᠷᠢᠯᠡᠬᠦ ᠪᠤᠯᠤᠨ᠎ᠠ᠃        ᠰᠠᠯᠪᠤᠷᠢ ᠺᠤᠮᠫᠠᠨᠢ ᠶᠢ ᠬᠤᠪᠢᠶᠠᠷᠢ ᠺᠤᠮᠫᠠᠨᠢ ᠪᠤᠯᠭᠠᠨ ᠦᠭᠡᠷᠡᠴᠢᠯᠡᠬᠦ ᠠᠵᠢᠯ ᠢ ᠶᠠᠪᠤᠭᠳᠠᠭᠤᠯᠤᠭᠰᠠᠨ ᠠᠴᠠ ᠨᠠᠭᠠᠰᠢ᠂ ᠬᠢᠩᠭᠠᠨ ᠠᠶᠢᠮᠠᠭ ᠤᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ ᠰᠠᠨᠠᠭᠠᠴᠢᠯᠠᠭ᠎ᠠ ᠠᠴᠠ ᠵᠢᠳᠬᠦᠯ ᠴᠢᠷᠮᠠᠶᠢᠯᠭ᠎ᠠ ᠭᠠᠷᠭᠠᠵᠦ᠂ ᠢᠳᠡᠪᠬᠢᠳᠡᠢ ᠪᠠᠷ ᠲᠦᠯᠦᠪᠵᠢᠬᠦᠯᠦᠨ᠂ ᠰᠠᠯᠪᠤᠷᠢ ᠺᠤᠮᠫᠠᠨᠢ ᠶᠢ ᠬᠤᠪᠢᠶᠠᠷᠢ ᠺᠤᠮᠫᠠᠨᠢ ᠪᠤᠯᠭᠠᠬᠤ ᠦᠭᠡᠷᠡᠴᠢᠯᠡᠯᠳᠡ ᠶᠢᠨ ᠬᠡᠷᠡᠭᠵᠢᠬᠦᠯᠬᠦ ᠲᠦᠰᠦᠯ ᠲᠤᠭᠳᠠᠭᠠᠵᠦ᠂ ︽ᠨᠢᠭᠡᠳ ᠨᠢᠭᠡ︾ ᠪᠠᠷ ᠠᠵᠦ ᠠᠬᠤᠶᠢᠯᠠᠯ ᠢ ᠤᠨᠤᠴᠠᠳᠠᠢ ᠬᠠᠪᠰᠤᠷᠤᠨ ᠲᠡᠳᠬᠦᠬᠦ ᠠᠵᠢᠯᠯᠠᠭ᠎ᠠ ᠶᠢ ᠶᠠᠪᠤᠭᠳᠠᠭᠤᠯᠵᠦ᠂ ᠤᠳᠠᠰᠦ ᠪᠠᠷ ᠨᠡᠪᠳᠡᠷᠡᠯᠴᠡᠬᠦ᠂ ᠡᠬᠦᠳᠡᠨ ᠳᠤᠨᠢ ᠬᠦᠷᠴᠦ ᠦᠢᠡᠯᠴᠢᠯᠡᠭᠡ ᠬᠠᠩᠭᠠᠬᠤ ᠵᠡᠷᠭᠡ ᠠᠷᠭ᠎ᠠ ᠠᠪᠴᠠᠯ ᠢᠶᠠᠷ ᠠᠵᠦ ᠠᠬᠤᠶᠢᠯᠠᠯ ᠤᠨ ᠰᠠᠯᠪᠤᠷᠢ ᠺᠤᠮᠫᠠᠨᠢ ᠪᠠᠨ ᠬᠤᠪᠢᠶᠠᠷᠢ ᠺᠤᠮᠫᠠᠨᠢ ᠪᠤᠯᠭᠠᠨ ᠦᠭᠡᠷᠡᠴᠢᠯᠡᠬᠦ ᠲᠤᠮᠳᠠᠬᠢ ᠬᠦᠴᠢᠷᠳᠡᠯ ᠢ ᠪᠦᠳᠦᠮᠵᠢᠳᠡᠢ ᠰᠶᠢᠳᠪᠦᠷᠢᠯᠡᠨ ᠦᠭᠪᠡ᠃ ᠡᠬᠦᠨ ᠤ ᠬᠠᠮᠳᠦ᠂ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠢ ᠢᠳᠡᠪᠬᠢᠳᠡᠢ ᠵᠤᠬᠢᠴᠠᠭᠤᠯᠵᠦ᠂ ᠰᠠᠭᠠᠳ ᠦᠭᠡᠢ ᠨᠡᠪᠳᠡᠷᠡᠬᠦ ᠵᠠᠮ ᠢ ᠨᠡᠭᠡᠭᠡᠨ᠂ ᠬᠢᠨᠠᠨ ᠵᠦᠪᠰᠢᠶᠡᠷᠡᠬᠦ ᠠᠯᠬᠤᠮ ᠶᠠᠪᠤᠴᠠ ᠪᠠᠨ ᠰᠢᠯᠢᠳᠡᠭᠵᠢᠬᠦᠯᠦᠨ᠂ ᠠᠵᠦ ᠠᠬᠤᠶᠢᠯᠠᠯ ᠤᠨ ᠬᠦᠭᠵᠢᠯᠳᠡ ᠳᠤ ᠬᠦᠴᠦᠷᠭᠡᠭ ᠶᠡᠭᠡ ᠬᠦᠳᠡᠯᠭᠡᠭᠴᠢ ᠬᠦᠴᠦᠨ ᠬᠠᠩᠭᠠᠭᠰᠠᠨ ᠪᠠᠶᠢᠨ᠎ᠠ᠃ ᠡᠨᠡ ᠵᠢᠯ᠂ ᠬᠢᠩᠭᠠᠨ ᠠᠶᠢᠮᠠᠭ ᠤᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ ᠠᠴᠠ ᠰᠠᠯᠪᠤᠷᠢ ᠺᠤᠮᠫᠠᠨᠢ ᠶᠢ ᠬᠤᠪᠢᠶᠠᠷᠢ ᠺᠤᠮᠫᠠᠨᠢ ᠪᠤᠯᠭᠠᠨ ᠦᠭᠡᠷᠡᠴᠢᠯᠡᠬᠦ ᠠᠵᠢᠯ ᠢ ᠤᠯᠠᠮ ᠢᠶᠠᠷ ᠠᠬᠢᠭᠤᠯᠵᠦ᠂ ᠠᠶᠢᠮᠠᠭ ᠤᠨ ᠭᠠᠳᠠᠨᠠᠬᠢ ᠪᠠᠷᠢᠯᠭ᠎ᠠ ᠶᠢᠨ ᠢᠨᠵᠧᠨᠧᠷᠢᠩ ᠤᠨ ᠠᠵᠦ ᠠᠬᠤᠶᠢᠯᠠᠯ ᠢ ᠬᠢᠩᠭᠠᠨ ᠠᠶᠢᠮᠠᠭ ᠲᠤ ᠨᠤᠳᠤᠭᠰᠢᠭᠤᠯᠬᠤ ᠪᠠᠷ ᠴᠢᠷᠮᠠᠶᠢᠵᠦ᠂ ᠪᠦᠬᠦ ᠠᠶᠢᠮᠠᠭ ᠤᠨ ᠠᠵᠦ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠬᠦᠴᠦᠷᠭᠡᠭ ᠶᠡᠭᠡ ᠬᠦᠳᠡᠯᠭᠡᠭᠴᠢ ᠬᠦᠴᠦᠨ ᠬᠠᠩᠭᠠᠵᠥ ᠪᠠᠶᠢᠨ᠎ᠠ᠃ ︵ᠯᠢ ᠵᠢᠶᠠᠨ ᠫᠢᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号