| ᠤᠶᠢᠷ᠎ᠠ ᠳᠤ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ | ᠬᠢᠩᠭᠠᠨ ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠶᠢᠮᠠᠭ ᠤᠨ ᠵᠠᠬᠢᠷᠭ᠎ᠠ ᠵᠢᠴᠢ ᠬᠠᠮᠢᠶ᠎ᠠ ᠪᠥᠬᠦᠶ | ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠰᠢᠥᠳᠠᠨ ᠤ ᠠᠵᠢᠯ ᠲᠥᠷᠥᠯ ᠤᠨ ᠬᠠᠮᠢᠶᠠᠷᠤᠯᠲᠠ ᠶᠢᠨ | ᠠᠵᠢᠯ ᠤᠨ ᠪᠠᠯᠠ ᠮᠥᠩᠭᠦ ᠶᠢ 20 ᠲᠦᠮᠡᠨ ᠲᠥᠭᠦᠷᠢᠭ ᠤᠯᠵᠠᠢ᠃ | ᠬᠢᠩᠭᠠᠨ ᠠᠶᠢᠮᠠᠭ ᠤᠨ ᠰᠢᠥᠳᠠᠨ ᠤ ᠬᠠᠮᠢᠶᠠᠷᠤᠯᠳᠡ ᠶᠢᠨ ᠲᠣᠪᠴᠢᠶ᠎ᠠ ᠵᠠᠷᠤᠳᠠᠯ ᠤᠨ ᠪᠠᠲᠤᠯᠠᠭ᠎ᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠣᠯᠠᠨ ᠤᠳᠠᠭ᠎ᠠ ᠠᠶᠢᠮᠠᠭ ᠤᠨ ᠵᠠᠬᠢᠷᠭ᠎ᠠ ᠳᠤ ᠬᠠᠷᠢᠭᠤ ᠮᠡᠳᠡᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ | ᠨᠡᠪᠲᠡᠷᠡᠯᠴᠡᠨ ᠵᠣᠬᠢᠴᠠᠭᠤᠯᠵᠤ᠂ ᠰᠢᠤᠳᠠᠨ ᠤ ᠬᠦᠷᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠶᠢᠨ ᠴᠢᠬᠤᠯᠠ | ᠴᠢᠨᠠᠷ ᠪᠠ ᠲᠤᠯᠭᠠᠮ ᠴᠢᠨᠠᠷ ᠢ ᠨᠠᠷᠢᠨ ᠨᠢᠮᠪᠠᠶ ᠬᠠᠷᠢᠭᠤ ᠮᠡᠳᠡᠭᠦᠯᠦᠭᠰᠡᠨ ᠤ ᠬᠠᠮᠲᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠬᠠᠮᠢᠶᠠᠷᠤᠯᠳᠡ ᠶᠢᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠤᠨ ᠲᠥᠷᠥ ᠶᠢᠨ | ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠠᠰᠢᠭᠯᠠᠨ᠂ ᠠᠶᠢᠮᠠᠭ ᠤᠨ ᠵᠠᠬᠢᠷᠭ᠎ᠠ ᠵᠢᠴᠢ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠣᠶᠢᠯᠠᠭᠠᠯᠲᠠ ᠪᠠ ᠳᠡᠮᠵᠢᠯᠭᠡ ᠶᠢ ᠤᠯᠵᠠᠢ᠃ | ᠬᠢᠩᠭᠠᠨ ᠠᠶᠢᠮᠠᠭ ᠤᠨ ᠰᠢᠥᠳᠠᠨ ᠤ ᠬᠠᠮᠢᠶᠠᠷᠤᠯᠳᠡ ᠶᠢᠨ ᠲᠣᠪᠴᠢᠶ᠎ᠠ ᠡᠳ᠋ ᠤᠨ ᠵᠠᠰᠠᠭ ᠠᠴᠠ ᠪᠠᠭᠤᠯᠭᠠᠨ | ᠥᠭᠬᠦ ᠵᠠᠷᠤᠳᠠᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠯᠠ ᠮᠥᠩᠭᠦ ᠶᠢᠨ ᠬᠡᠷᠡᠭᠯᠡᠯᠲᠡ | ᠬᠠᠮᠢᠶᠠᠷᠤᠯᠲᠠ ᠶᠢ ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠪᠠᠯᠠ | ᠮᠥᠩᠭᠦ ᠶᠢᠨ ᠬᠡᠷᠡᠭᠯᠡᠯᠲᠡ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠵᠤ ᠪᠤᠢ᠃ ︵ᠳᠡᠯᠭᠡᠷᠬᠦᠦ︶ |