| ᠪᠣᠷᠣᠭᠠᠨ ᠤ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠭᠠᠷᠴᠤ ᠮᠡᠳᠡᠬᠦ ᠣᠨᠴᠠᠭᠠᠢ ᠴᠠᠭ ᠠᠭᠤᠷ ᠢ | ᠠᠷᠭᠠᠴᠠᠭᠠᠬᠤ ᠶᠢᠨ ᠲᠥᠯᠥᠭᠡ᠂ ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠦᠶᠡᠷ ᠢ ᠰᠡᠷᠭᠡᠶᠢᠯᠡᠬᠦ | ᠪᠡᠯᠡᠳᠬᠡᠯ ᠠᠵᠢᠯ ᠢ ᠪᠠᠴᠢᠮ ᠶᠠᠭᠠᠷᠠᠯᠲᠠᠢ ᠥᠷᠨᠢᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ ᠪᠠᠷ ᠳᠠᠮᠵᠢᠨ᠂ ᠦᠶᠡᠷ ᠠᠴᠠ ᠡᠮᠦᠨᠡᠬᠢ ᠲᠣᠭᠤᠷᠢᠨ ᠪᠠᠶᠢᠴᠠᠭᠠᠬᠤ ᠳᠠᠪᠲᠠᠮᠵᠢ ᠶᠢ | ᠳᠡᠭᠡᠭᠰᠢᠯᠡᠭᠦᠯᠵᠦ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠵᠤ ᠦᠶᠡᠷ ᠢ ᠰᠡᠷᠭᠡᠶᠢᠯᠡᠬᠦ ᠡᠳ᠋ ᠪᠣᠳᠠᠰ ᠢ | ᠭᠦᠢᠴᠡᠳ ᠪᠡᠯᠡᠳᠬᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ | ᠬᠦᠴᠦᠨ ᠢᠶᠠᠷ ᠪᠠᠲᠤᠯᠠᠵᠤ ᠪᠠᠶᠢᠨ᠎ᠠ᠃ | | | | | ᠣᠶᠢᠷ᠎ᠠ ᠶᠢᠨ ᠡᠳᠦᠷ ᠤᠳ ᠲᠤ᠂ ᠤᠯᠠᠭᠠᠨᠬᠤᠲᠠ ᠶᠢᠨ ᠭᠤᠤᠯ ᠭᠤᠷᠤᠬ᠎ᠠ ᠶᠢᠨ ᠳᠠᠷᠤᠭ᠎ᠠ ᠶᠢᠨ ᠲᠦᠷᠢᠮ ᠤᠨ | ᠦᠢᠯᠡᠴᠢᠯᠡᠭᠡᠨ ᠤ ᠲᠥᠪ ᠤᠨ ᠠᠵᠢᠯᠲᠠᠳ ᠤᠷᠢᠳ ᠬᠤᠵᠢᠳ ᠤᠯᠠᠭᠠᠨᠬᠤᠲᠠ ᠶᠢᠨ ᠬᠤᠲᠠ ᠶᠢᠨ ᠬᠠᠰᠢᠯᠭ᠎ᠠ ᠶᠢᠨ | ᠲᠤᠭᠤᠷ ᠤᠨ ᠭᠤᠤᠯ ᠤᠨ ᠬᠡᠰᠡᠭ ᠤᠨ ᠥᠩᠭᠡᠲᠦ ᠲᠡᠮᠦᠷᠯᠢᠭ ᠤᠨ ᠤᠰᠤ ᠵᠠᠯᠠᠬᠤ ᠬᠠᠭᠠᠯᠲᠠ᠂ ᠬᠦᠢᠯᠡᠷ ᠭᠤᠤᠯ ᠤᠨ | ᠬᠡᠰᠡᠭ ᠤᠨ ᠬᠤᠩ ᠯᠢᠶᠠᠨ ᠨᠠᠢᠮᠠᠳᠤᠭᠠᠷ ᠪᠠᠷᠢᠭᠠᠳᠠ ᠶᠢᠨ ᠤᠰᠤ ᠵᠠᠯᠠᠬᠤ ᠬᠠᠭᠠᠯᠲᠠ ᠵᠡᠷᠭᠡ ᠭᠠᠵᠠᠷ ᠢᠶᠠᠷ ᠬᠦᠷᠴᠦ᠂ | ᠤᠰᠤᠨ ᠤ ᠬᠠᠭᠠᠯᠲᠠ᠂ ᠬᠠᠰᠢᠯᠭ᠎ᠠ ᠶᠢᠨ ᠰᠡᠷᠭᠡᠶᠢᠯᠡᠯᠲᠡ ᠵᠡᠷᠭᠡ ᠴᠢᠬᠤᠯᠠ ᠤᠰᠤᠨ ᠠᠰᠢᠭᠯᠠᠯᠲᠠ ᠶᠢᠨ | ᠲᠥᠬᠦᠭᠡᠷᠦᠮᠵᠢ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠥᠭᠡᠳ ᠪᠠᠰᠠ ᠬᠠᠭᠠᠯᠲᠠ᠂ ᠲᠠᠲᠠᠭᠤᠷ᠂ ᠰᠡᠩᠰᠡ | ᠮᠠᠰᠢᠨ ᠤ ᠵᠢᠪᠡ ᠶᠢ ᠠᠷᠢᠯᠭᠠᠵᠤ᠂ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠪᠠ᠃ | ︽ᠦᠶᠡᠷ ᠤᠨ ᠬᠤᠭᠤᠴᠠᠭ᠎ᠠ ᠣᠶᠢᠷᠠᠳᠴᠤ᠂ ᠪᠢᠳᠡ ᠲᠣᠭᠤᠷᠢᠨ ᠪᠠᠶᠢᠴᠠᠭᠠᠬᠤ ᠳᠠᠪᠲᠠᠮᠵᠢ ᠪᠣᠯᠤᠨ | ᠡᠷᠴᠢᠮ ᠢᠶᠠᠨ ᠴᠢᠩᠭᠠᠷᠠᠭᠤᠯᠵᠤ᠂ ᠨᠢᠭᠡ ᠭᠠᠷᠠᠭ ᠲᠤ ᠬᠤᠶᠠᠷ ᠠᠴᠠ ᠭᠤᠷᠪᠠᠨ ᠤᠳᠠᠭ᠎ᠠ ᠲᠣᠭᠤᠷᠢᠨ ᠪᠠᠶᠢᠴᠠᠭᠠᠵᠤ | ᠪᠠᠶᠢᠨ᠎ᠠ᠃ ᠲᠣᠭᠤᠷᠢᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠥᠬᠦᠶ | ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ | ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ | ᠥᠩᠭᠡᠷᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠱᠠᠭᠠᠷᠳᠠᠪᠠ︾ ᠭᠡᠵᠦ ᠤᠯᠠᠭᠠᠨᠬᠤᠲᠠ ᠶᠢᠨ | ᠭᠤᠤᠯ ᠭᠤᠷᠤᠬ᠎ᠠ ᠶᠢᠨ ᠳᠠᠷᠤᠭ᠎ᠠ ᠶᠢᠨ ᠲᠦᠷᠢᠮ ᠤᠨ ᠦᠢᠯᠡᠴᠢᠯᠡᠭᠡᠨ ᠤ ᠲᠥᠪ ᠤᠨ ᠴᠠᠭᠳᠠᠨ ᠪᠠᠶᠢᠴᠠᠭᠠᠭᠴᠢ ᠰᠥᠩ | ᠹᠸᠢ ᠬᠡᠯᠡᠪᠡ᠃ | | | | | ᠭᠠᠮᠰᠢᠭ ᠢ ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ | ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠠᠰᠢᠭᠯᠠᠨ᠂ ᠪᠥᠬᠦ ᠬᠤᠲᠠ ᠶᠢᠨ ᠠᠭᠤᠯᠠᠨ ᠦᠶᠡᠷ ᠤᠨ ᠭᠠᠮᠰᠢᠭ ᠢ | ᠬᠢᠨᠠᠨ ᠬᠡᠮᠵᠢᠬᠦ 37 ᠥᠷᠲᠡᠭᠡ ᠴᠡᠭ ᠢ ᠴᠠᠭ ᠲᠤᠬᠠᠶ ᠳᠤᠨᠢ ᠬᠢᠨᠠᠨ ᠬᠡᠮᠵᠢᠵᠦ᠂ ᠪᠣᠷᠣᠭᠠᠨ ᠤ ᠪᠠᠶᠢᠳᠠᠯ ᠤᠨ | ᠬᠤᠪᠢᠷᠠᠯᠲᠠ ᠶᠢᠨ ᠬᠠᠨᠳᠤᠰᠢ ᠶᠢ ᠨᠢᠭᠲᠠ ᠮᠥᠷᠳᠡᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ | ᠬᠦᠷᠭᠡᠵᠦ᠂ ᠪᠥᠬᠦ ᠬᠤᠲᠠ ᠶᠢᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠳᠤ ᠪᠠᠲᠤ | ᠪᠠᠬᠢ ᠨᠠᠶᠢᠳᠠᠪᠤᠷᠢᠲᠠᠶ ︽ᠣᠶᠤᠨᠴᠢ ᠰᠡᠷᠭᠡᠶᠢᠯᠡᠯᠲᠡ ᠶᠢᠨ ᠱᠤᠭᠤᠮ︾ ᠢ ᠪᠠᠶᠢᠭᠤᠯᠵᠤ ᠪᠠᠶᠢᠨ᠎ᠠ᠃ | ︽ᠣᠳᠣᠬᠠᠨ ᠳᠤ᠂ ᠪᠢᠳᠡ ᠨᠢᠭᠡᠨᠲᠡ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠡᠬᠢᠯᠡᠨ | ᠬᠡᠷᠡᠭᠵᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠪᠠᠶᠢᠪᠠᠯ ᠲᠡᠷᠡ ᠳᠠᠷᠤᠶ ᠳᠤᠨᠢ ᠬᠤᠲᠠ ᠶᠢᠨ | ᠦᠶᠡᠷ ᠢ ᠰᠡᠷᠭᠡᠶᠢᠯᠡᠬᠦ ᠵᠢᠯᠣᠭᠤᠳᠬᠤ ᠭᠠᠵᠠᠷ ᠪᠣᠯᠤᠨ ᠪᠠᠯᠭᠠᠰᠤ ᠵᠡᠭᠡᠯᠢ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ | ᠮᠡᠳᠡᠭᠳᠡᠵᠦ ᠪᠠᠶᠢᠨ᠎ᠠ︾᠃ ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠦᠶᠡᠷ ᠭᠠᠩ ᠤᠨ | ᠭᠠᠮᠰᠢᠭ ᠢ ᠰᠡᠷᠭᠡᠶᠢᠯᠡᠨ ᠵᠠᠰᠠᠬᠤ ᠲᠠᠰᠤᠭ ᠤᠨ ᠳᠠᠷᠤᠭ᠎ᠠ ᠬᠥᠩ ᠴᠠᠩ ᠹᠦ᠋ ᠠᠴᠠ᠂ ᠬᠤᠶᠢᠰᠢᠳᠠ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠪᠠᠰᠠ ᠪᠤᠰᠤᠳ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ | ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠡᠬᠢ ᠪᠠᠶᠠᠯᠢᠭ ᠢ ᠨᠡᠶᠢᠳᠬᠡᠬᠦ ᠶᠢ ᠪᠡᠶᠡᠯᠡᠭᠦᠯᠵᠦ᠂ | ᠦᠶᠡᠷ ᠤᠨ ᠬᠤᠭᠤᠴᠠᠭᠠᠨ ᠤ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠳᠤ ᠨᠡᠩ ᠪᠦᠷᠢᠨ ᠲᠡᠭᠦᠯᠳᠡᠷ ᠰᠢᠢᠳᠪᠦᠷᠢᠲᠦ | ᠪᠤᠳᠤᠯᠭ᠎ᠠ ᠶᠢᠨ ᠦᠨᠳᠦᠰᠦᠯᠡᠯ ᠬᠠᠩᠭᠠᠬᠤ ᠪᠣᠯᠤᠨ᠎ᠠ ᠭᠡᠵᠦ ᠢᠯᠡᠷᠬᠡᠶᠢᠯᠡᠵᠡᠢ᠃ | | | | | ︽ᠵᠠᠯᠭᠠᠭᠠᠳ ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠭᠤᠤᠯ ᠤᠨ ᠬᠠᠰᠢᠯᠭ᠎ᠠ ᠶᠢ | ᠲᠣᠭᠤᠷᠢᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠭᠤᠯᠠᠨ ᠦᠶᠡᠷ ᠤᠨ ᠭᠠᠮᠰᠢᠭ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠶᠡᠷ ᠤᠨ | ᠬᠤᠭᠤᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ︾ ᠬᠡᠵᠦ | ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠲᠣᠪᠴᠢᠶᠠᠨ ᠤ ᠳᠡᠳ᠋ ᠳᠠᠷᠤᠭ᠎ᠠ ᠪᠦᠦ ᠸᠧᠶ ᠨᠠ ᠬᠡᠯᠡᠪᠡ᠃ | | |