ᠤᠯᠠᠭᠠᠨᠬᠤᠲᠠ ᠤᠨᠴᠠᠯᠢᠬᠳᠤ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠪᠣᠢ
ᠨᠡᠶᠢᠲᠡᠯᠡᠭᠰᠡᠨ ᠴᠠᠭ᠄
2025/6/11
       ᠤᠢᠢᠷ᠎ᠠ ᠶᠢᠨ ᠵᠢᠯ ᠠᠴᠠ᠂ ᠤᠯᠠᠭᠠᠨᠬᠤᠲᠠ ᠤᠨᠴᠠᠯᠢᠬᠳᠤ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠤ ᠪᠠᠨ ᠲᠦᠰᠢᠭᠯᠡᠨ᠂ ᠲᠠᠷᠢᠮᠠᠯ ᠤᠨ ᠦᠢᠯᠡᠰ ᠢ ᠬᠥᠭᠵᠢᠭᠦᠯᠦᠨ ᠬᠦᠴᠦᠷᠬᠡᠭᠵᠢᠭᠦᠯᠬᠦ ᠶᠢᠨ ᠬᠠᠮᠲᠤ ᠲᠡᠵᠢᠭᠡᠨ ᠦᠷᠡᠵᠢᠭᠦᠯᠬᠦ ᠦᠢᠯᠡᠰ ᠢ ᠦᠷᠭᠦᠯᠵᠢᠯᠡᠨ ᠰᠠᠶᠢᠲᠤᠷ ᠪᠠᠬᠢᠵᠢᠭᠦᠯᠵᠦ᠂ ᠤᠨᠴᠠᠯᠢᠬᠳᠤ ᠳᠠᠷᠢᠵᠤ ᠲᠡᠵᠢᠭᠡᠨ ᠦᠷᠡᠵᠢᠭᠦᠯᠬᠦ ᠠᠵᠤ ᠦᠢᠯᠡᠰ ᠢ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠤᠨ ︽ᠠᠯᠳᠠᠨ ᠲᠦᠯᠬᠢᠭᠦᠷ︾ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ ᠦᠭᠡᠢ ᠠᠮᠢᠵᠢᠷᠠᠯ ᠤᠨ ᠬᠦᠴᠦᠨ ᠨᠡᠮᠡᠷᠢᠯᠡᠵᠦ ᠪᠠᠶᠢᠨ᠎ᠠ᠃
1.jpg
       ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠪᠠᠷᠠᠭᠤᠨ ᠪᠠᠶᠠᠠᠳᠣᠬᠤᠢ ᠭᠠᠴᠠᠭᠠᠨ ᠤ ᠮᠧᠩ ᠭᠦ᠋ ᠢᠳᠡᠰᠢᠨ ᠮᠥᠭᠦ ᠪᠤᠶᠢᠵᠢᠭᠤᠯᠬᠤ ᠲᠤᠰᠬᠠᠶ ᠬᠤᠷᠰᠢᠶ᠎ᠠ ᠶᠢᠨ ᠬᠦᠯᠡᠮᠵᠢ ᠳᠤ᠂ ᠮᠥᠷ ᠮᠦᠷ ᠮᠥᠭᠦ ᠶᠢᠨ ᠮᠤᠨᠠ ᠶᠢ ᠲᠡᠷᠢ ᠲᠡᠭᠰᠢ ᠲᠠᠯᠪᠢᠵᠤ᠂ ᠠᠭᠠᠷ ᠳᠣᠲᠣᠷ᠎ᠠ ᠮᠥᠭᠦ ᠶᠢᠨ ᠦᠨᠦᠷ ᠬᠠᠩᠬᠤᠯᠤᠨ᠎ᠠ᠃ ᠮᠧᠩ ᠭᠦ᠋ ᠢᠳᠡᠰᠢᠨ ᠮᠥᠭᠦ ᠪᠤᠶᠢᠵᠢᠭᠤᠯᠬᠤ ᠲᠤᠰᠬᠠᠶ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠬᠦᠶ ᠴᠢᠨ ᠶᠠᠭ ᠬᠠᠪᠲᠠᠭᠠᠢ ᠮᠥᠭᠦ᠂ ᠬᠠᠶᠢᠯᠠᠰᠤᠨ ᠰᠢᠷ᠎ᠠ ᠮᠥᠭᠦ ᠶᠢᠨ ᠵᠢᠶᠠᠰᠠᠨ ᠤ ᠬᠤᠭᠤᠷᠤᠠᠳᠦ ᠨᠠᠭᠠᠰᠢ ᠴᠠᠭᠠᠰᠢ ᠰᠦᠯᠵᠢᠯᠳᠦᠵᠦ ᠮᠥᠭᠦ ᠶᠢᠨ ᠤᠷᠭᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠵᠤ ᠪᠠᠶᠢᠯ᠎ᠠ᠃       ︽ᠪᠢᠳᠡ ᠡᠨᠡ ᠵᠢᠯ ᠬᠠᠪᠲᠠᠭᠠᠢ ᠮᠥᠭᠦ᠂ ᠬᠠᠶᠢᠯᠠᠰᠤᠨ ᠰᠢᠷ᠎ᠠ ᠮᠥᠭᠦ ᠶᠢ ᠲᠦᠮᠡᠨ ᠮᠤᠨᠠ ᠪᠣᠶᠢᠵᠢᠭᠤᠯᠵᠤ᠂ ᠣᠲᠣ ᠪᠣᠯ ᠶᠠᠭ ᠤᠷᠭᠤᠯᠲᠠ ᠶᠢᠨ ᠱᠠᠲᠤᠨ ᠳᠤ ᠪᠠᠨ ᠪᠠᠶᠢᠵᠤ᠂ 20 ᠡᠳᠦᠷ ᠤᠨ ᠳᠠᠷᠠᠭ᠎ᠠ ᠵᠠᠬ᠎ᠠ ᠳᠡᠯᠭᠡᠭᠦᠷ ᠲᠤ ᠭᠠᠷᠭᠠᠴᠤ᠂ 20 ᠲᠦᠮᠨ ᠣᠷᠴᠢᠮ ᠤᠨ ᠣᠷᠤᠯᠭ᠎ᠠ ᠣᠯᠤᠨ᠎ᠠ︾ ᠬᠡᠵᠦ ᠤᠯᠠᠭᠠᠨᠬᠤᠲᠠ ᠶᠢᠨ ᠮᠧᠩ ᠭᠦ᠋ ᠢᠳᠡᠰᠢᠨ ᠮᠥᠭᠦ ᠪᠤᠶᠢᠵᠢᠭᠤᠯᠬᠤ ᠲᠤᠰᠬᠠᠶ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠬᠦᠶ ᠴᠢᠨ ᠬᠡᠯᠡᠪᠡ᠃
2.jpg
       ᠤᠨᠴᠠᠯᠢᠬᠳᠤ ᠲᠠᠷᠢᠮᠠᠯ ᠤᠨ ᠲᠠᠯ᠎ᠠ ᠪᠠᠷ ᠬᠦᠴᠦ ᠲᠠᠯᠪᠢᠬᠤ ᠠᠴᠠ ᠭᠠᠳᠠᠨ᠎ᠠ᠂ ᠤᠯᠠᠭᠠᠨᠬᠤᠲᠠ ᠶᠢᠨ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠴᠦ ᠠᠭᠠᠵᠢᠮ ᠢᠶᠠᠷ ᠬᠡᠪᠴᠢᠶᠡᠵᠢᠪᠡ᠃ ᠢᠯᠠᠯᠲᠠ ᠪᠠᠯᠭᠠᠰᠤᠨ ᠤ ᠵᠡᠭᠦᠨ ᠪᠠᠶᠠᠨᠬᠤᠰᠢᠭᠤ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ ᠬᠥᠩ ᠰᠢᠤ ᠧ ᠶᠢᠨ ᠭᠡᠷ ᠲᠤ᠂ ᠰᠠᠷ᠎ᠠ ᠳᠦᠭᠦᠷᠦᠭᠰᠡᠨ ᠭᠠᠯᠠᠭᠤ ᠶᠢᠨ ᠨᠢᠯᠬ᠎ᠠ ᠠᠩᠭᠠᠬᠠᠢ ᠶᠠᠭ ᠰᠠᠶ᠋ᠢᠬᠠᠨ ᠨᠠᠭᠤᠷ ᠲᠤ ᠲᠣᠭᠯᠠᠵᠤ ᠪᠠᠶᠢᠯ᠎ᠠ᠃ ᠬᠦᠩ ᠰᠢᠤ ᠧ ᠡᠷ᠎ᠡ ᠡᠮ᠎ᠡ ᠬᠤᠶᠠᠭᠤᠯᠠ ᠪᠠᠨ ᠡᠳᠦᠷ ᠪᠦᠷᠢ ᠨᠠᠷᠢᠨ ᠨᠢᠮᠪᠠᠶ ᠠᠰᠠᠷᠠᠨ ᠬᠠᠷᠠᠭᠠᠯᠵᠠᠵᠤ᠂ ᠴᠠᠭ ᠲᠤᠬᠠᠶ ᠳᠤᠨᠢ ᠲᠤᠭ᠎ᠠ ᠶᠣᠰᠣᠭᠠᠷ ᠲᠡᠵᠢᠭᠡᠯ ᠪᠣᠷᠳᠤᠭ᠎ᠠ ᠥᠭᠬᠦ ᠶᠢᠨ ᠬᠠᠮᠲᠤ ᠳᠤᠯᠠᠭᠠᠨ ᠲᠠᠭᠠᠯᠠᠮᠵᠢᠲᠠᠶ ᠭᠠᠯᠠᠭᠤ ᠶᠢᠨ ᠡᠭᠦᠷ ᠪᠠᠶᠢᠭᠤᠯᠵᠤ ᠭᠠᠯᠠᠭᠤ ᠶᠢᠨ ᠠᠩᠭᠠᠬᠠᠢ ᠶᠢᠨ ᠡᠷᠡᠭᠦᠯ ᠦᠰᠦᠨ ᠪᠤᠶᠢᠵᠢᠯᠲᠠ ᠶᠢ ᠪᠠᠲᠤᠯᠠᠪᠠ᠃︽ᠪᠢ ᠭᠠᠯᠠᠭᠤ ᠲᠡᠵᠢᠭᠡᠭᠡᠳ ᠠᠷᠪᠠ ᠭᠠᠷᠤᠶ ᠵᠢᠯ ᠪᠣᠯᠵᠤ ᠪᠠᠶᠢᠨ᠎ᠠ᠂ ᠵᠢᠯ ᠪᠦᠷᠢ ᠶᠢᠨ ᠣᠷᠣᠯᠭ᠎ᠠ ᠪᠠᠷᠤᠭ 20 ᠲᠦᠮᠡᠨ ᠲᠥᠭᠦᠷᠢᠭ ᠣᠷᠴᠢᠮ᠃ ᠡᠨᠡ ᠵᠢᠯ ᠪᠢᠳᠡ ᠡᠷ᠎ᠡ ᠡᠮ᠎ᠡ ᠬᠤᠶᠠᠭᠤᠯᠠ 6000 ᠣᠷᠴᠢᠮ ᠲᠡᠵᠢᠭᠡᠬᠦ ᠪᠠᠷ ᠪᠡᠯᠡᠳᠬᠡᠵᠦ᠂ ᠡᠨᠡ ᠵᠢᠯ ᠤᠨ ᠭᠠᠯᠠᠭᠤ ᠪᠠᠨ ᠰᠠᠶᠢᠨ ᠦᠨ᠎ᠡ ᠪᠠᠷ ᠬᠤᠳᠠᠯᠳᠤᠬᠤ ᠶᠢ ᠬᠦᠰᠡᠵᠦ ᠪᠠᠶᠢᠨ᠎ᠠ︾ ᠭᠡᠵᠦ ᠤᠯᠠᠭᠠᠨᠬᠤᠲᠠ ᠶᠢᠨ ᠢᠯᠠᠯᠲᠠ ᠪᠠᠯᠭᠠᠰᠤᠨ ᠤ ᠵᠡᠭᠦᠨ ᠪᠠᠶᠠᠨᠬᠤᠰᠢᠭᠤ ᠭᠠᠴᠠᠭᠠᠨ ᠤ ᠰᠠᠶᠢᠬᠠᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠲᠡᠵᠢᠭᠡᠨ ᠦᠷᠡᠵᠢᠭᠦᠯᠬᠦ ᠡᠷᠦᠬᠡ ᠬᠥᠩ ᠰᠢᠤ ᠧ ᠰᠡᠳᠬᠢᠯ ᠳᠣᠭᠳᠣᠯᠤᠨ ᠬᠡᠯᠡᠪᠡ᠃
3.jpg
        ᠣᠯᠠᠨ ᠵᠢᠯ ᠤᠨ ᠲᠤᠷᠰᠢ᠂ ᠤᠯᠠᠭᠠᠨᠬᠤᠲᠠ ᠠᠵᠤ ᠦᠢᠯᠡᠰ ᠤᠨ ᠪᠦᠲᠦᠴᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠮᠡᠷᠭᠡᠵᠢᠯ ᠢᠶᠠᠷ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠲᠠᠷᠢᠮᠠᠯ ᠤᠨ ᠦᠢᠯᠡᠰ ᠪᠠ ᠲᠡᠵᠢᠭᠡᠨ ᠦᠷᠡᠵᠢᠭᠦᠯᠬᠦ ᠦᠢᠯᠡᠰ ᠤᠨ ᠨᠠᠷᠢᠯᠢᠬᠵᠢᠭᠰᠠᠨ᠂ ᠬᠡᠪᠴᠢᠶᠡᠵᠢᠭᠰᠡᠨ᠂ ᠣᠨᠴᠠᠯᠢᠬᠵᠢᠭᠰᠠᠨ ᠬᠥᠭᠵᠢᠯᠲᠡ ᠶᠢ ᠠᠬᠢᠭᠤᠯᠵᠠᠢ᠃ ᠡᠳᠦᠭᠡ᠂ ᠤᠨᠴᠠᠯᠢᠬᠳᠤ ᠲᠠᠷᠢᠮᠠᠯ ᠤᠨ ᠲᠠᠯ᠎ᠠ ᠪᠠᠷ᠂ ᠢᠳᠡᠰᠢᠨ ᠮᠥᠭᠦ᠂ ᠠᠯᠮᠤᠷᠠᠳ ᠵᠡᠷᠭᠡ ᠶᠢᠨ ᠲᠠᠷᠢᠮᠠᠯ ᠤᠨ ᠲᠠᠯᠠᠪᠠᠢ ᠲᠠᠰᠤᠷᠠᠯᠲᠠ ᠥᠬᠡᠶ ᠥᠷᠭᠡᠳᠴᠦ᠂ ᠭᠠᠷᠤᠯᠲᠠ ᠪᠠ ᠶᠠᠰᠤ ᠴᠢᠨᠠᠷ ᠵᠢᠯ ᠳᠠᠷᠠᠭᠠᠯᠠᠨ ᠳᠡᠭᠡᠭᠰᠢᠯᠡᠪᠡ᠃ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠤᠨ ᠲᠠᠯ᠎ᠠ ᠪᠠᠷ᠂ ᠭᠠᠯᠠᠭᠤ᠂ ᠦᠬᠡᠷ ᠬᠤᠨᠢ ᠵᠡᠷᠭᠡ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠦᠷᠭᠦᠯᠵᠢᠯᠡᠨ ᠨᠡᠮᠡᠭᠳᠡᠵᠦ᠂ ᠲᠡᠵᠢᠭᠡᠨ ᠦᠷᠡᠵᠢᠭᠦᠯᠬᠦ ᠮᠡᠷᠭᠡᠵᠢᠯ ᠡᠳᠦᠷ ᠢᠷᠡᠬᠦᠶ᠎ᠡ ᠪᠣᠯᠪᠠᠰᠤᠷᠠᠩᠭᠤᠶ ᠪᠣᠯᠪᠠ᠃ ᠠᠵᠤ ᠦᠢᠯᠡᠰ ᠬᠥᠭᠵᠢᠪᠡᠯ ᠬᠥᠳᠡᠭᠡ ᠲᠣᠰᠬᠤᠨ ᠬᠥᠭᠵᠢᠵᠦ᠂ ᠠᠵᠤ ᠦᠢᠯᠡᠰ ᠬᠥᠭᠵᠢᠪᠡᠯ ᠲᠠᠷᠢᠶᠠᠴᠢᠳ ᠪᠠᠶᠠᠵᠢᠨ᠎ᠠ᠂ ᠤᠯᠠᠭᠠᠨᠬᠤᠲᠠ ᠶᠢᠨ ᠡᠯ᠎ᠡ ᠪᠠᠯᠭᠠᠰᠤ ᠭᠠᠴᠠᠭ᠎ᠠ ᠲᠤᠰᠬᠤᠨ ᠶᠠᠭ ᠤᠨᠴᠠᠯᠢᠬᠳᠤ ᠳᠠᠷᠢᠵᠤ ᠲᠡᠵᠢᠭᠡᠨ ᠦᠷᠡᠵᠢᠭᠦᠯᠬᠦ ᠠᠵᠤ ᠦᠢᠯᠡᠰ ᠢᠶᠠᠷ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠤᠭᠯᠠᠵᠤ ᠪᠠᠶᠢᠨ᠎ᠠ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号