ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠨᠠᠰᠦᠳᠠᠶᠢᠴᠤᠳ ᠲᠤ ᠰᠢᠯᠢᠳᠡᠭ ᠡᠷᠡᠬᠦᠯ ᠮᠡᠨᠳᠤ ᠶᠢᠨ ᠦᠢᠯᠡᠴᠢᠯᠡᠭᠡ ᠬᠠᠨᠭ᠍ᠭᠠᠵᠦ ᠪᠤᠢ
ᠨᠡᠶᠢᠲᠡᠯᠡᠭᠰᠡᠨ ᠴᠠᠭ᠄
2025/6/11
        ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠡᠮᠴᠢᠯᠡᠬᠡᠡ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠨᠠᠰᠦᠳᠠᠶᠢᠴᠤᠳ ᠤᠨ ᠡᠮᠴᠢᠯᠡᠬᠡᠨ ᠤ ᠰᠠᠯᠠᠭ᠎ᠠ ᠶᠢᠨ ᠶᠡᠷᠦᠩᠭᠡᠶᠢᠯᠡᠨ ᠬᠢᠨᠠᠬᠤ ᠲᠠᠰᠤᠭ ᠲᠤ ᠂ ᠡᠮᠴᠢ ᠶᠠᠭ ᠲᠠᠳᠠᠭᠤᠷ ᠢᠶᠠᠷ ᠬᠦᠵᠦᠬᠦᠨ ᠬᠡᠰᠡᠭ᠂ ᠨᠢᠷᠤᠭᠤᠨ ᠬᠡᠰᠡᠭ ᠨᠢ ᠡᠪᠡᠳᠦᠭᠰᠡᠨ ᠨᠠᠰᠦᠳᠠᠨ ᠤ ᠬᠦᠵᠦᠬᠦᠦ ᠨᠢᠷᠤᠭᠤ ᠶᠢ ᠨᠢ ᠵᠠᠰᠠᠵᠦ ᠦᠭᠴᠦ ᠪᠠᠶᠢᠯ᠎ᠠ᠃        ᠬᠢᠨᠭ᠍ᠭᠠᠨ ᠵᠡᠬᠡᠯᠢ ᠶᠢᠨ ᠠᠢ ᠮᠢᠨ ᠨᠡᠶᠢᠬᠡᠮ ᠲᠤᠭᠤᠷᠢᠭ ᠤᠨ ᠯᠢᠤᠢ ᠹᠧᠩ ᠼᠠᠢ᠄ ︽ᠦᠨᠦᠳᠦᠷ ᠡᠬᠦᠳᠡᠨ ᠡᠮᠦᠨ᠎ᠡ ᠲᠤᠰᠬᠠᠢ ᠮᠡᠷᠬᠡᠵᠢᠯᠳᠡᠨ ᠪᠢᠳᠡᠨ ᠳᠤ ᠬᠢᠴᠢᠶᠡᠯ ᠲᠠᠶᠢᠯᠪᠦᠷᠢᠯᠠᠵᠦ᠂ ᠮᠠᠨ ᠤ ᠡᠷᠡᠬᠦᠯ ᠮᠡᠨᠳᠤ ᠶᠢᠨ ᠠᠰᠠᠭᠤᠳᠠᠯ ᠢ ᠲᠠᠶᠢᠯᠪᠦᠷᠢᠯᠠᠵᠦ ᠲᠤᠩ ᠲᠦᠬᠦᠮ ᠦᠵᠡᠬᠦᠯᠵᠡᠢ︾ ᠬᠡᠵᠦ ᠶᠠᠷᠢᠵᠦ ᠪᠠᠶᠢᠯ᠎ᠠ᠃        ᠨᠠᠰᠦᠳᠠᠶᠢᠴᠤᠳ ᠤᠨ ᠡᠷᠡᠬᠦᠯ ᠮᠡᠨᠳᠤ ᠶᠢ ᠪᠠᠳᠦᠯᠠᠬᠤ ᠶᠢᠨ ᠲᠦᠯᠦᠬᠡ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠨᠠᠰᠦᠳᠠᠶᠢᠴᠤᠳ ᠤᠨ ᠡᠮᠴᠢᠯᠡᠬᠡᠨ ᠤ ᠰᠠᠯᠠᠭ᠎ᠠ ︽ᠰᠡᠷᠬᠡᠶᠢᠯᠡᠬᠦ᠂ ᠵᠠᠰᠠᠬᠤ᠂ ᠡᠷᠡᠬᠦᠯᠵᠢᠬᠦᠯᠬᠦ᠂ ᠬᠠᠮᠠᠭᠠᠯᠠᠬᠤ︾ ᠪᠦᠬᠦ ᠬᠡᠯᠬᠢᠶᠡᠨ ᠤ ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠦ᠂ ᠨᠠᠰᠦᠳᠠᠶᠢᠴᠤᠳ ᠲᠤ ᠰᠢᠯᠢᠳᠡᠭ᠂ ᠤᠨᠤᠴᠠᠳᠠᠢ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠦ ᠪᠤᠢ᠃        ᠨᠠᠰᠦᠳᠠᠶᠢᠴᠤᠳ ᠤᠨ ᠡᠮᠴᠢᠯᠡᠬᠡᠨ ᠤ ᠰᠠᠯᠠᠭ᠎ᠠ ᠶᠢᠨ ᠰᠤᠪᠢᠯᠠᠬᠴᠢ ᠶᠢᠨ ᠲᠠᠷᠤᠭ᠎ᠠ ᠯᠢᠤ ᠺᠤᠸᠠᠨ ᠡᠾᠦ᠋ᠢ᠄ ︽ᠡᠪᠡᠳᠴᠢᠳᠡᠨ ᠤ ᠡᠪᠡᠳᠴᠢᠨ ᠤ ᠪᠠᠶᠢᠳᠠᠯ ᠪᠤᠳᠤᠯᠢᠶᠠᠨᠳᠠᠢ ᠪᠤᠯᠬᠤᠷ ᠪᠦᠬᠦ ᠲᠠᠯ᠎ᠠ ᠶᠢᠨ ᠶᠡᠷᠦᠩᠬᠡᠶᠢᠯᠡᠭᠰᠡᠨ ᠬᠢᠨᠠᠯᠳᠡ ᠬᠢᠵᠦ ᠲᠡᠳᠡᠨ ᠤ ᠡᠪᠡᠳᠴᠢᠨ ᠤ ᠪᠠᠶᠢᠳᠠᠯ ᠢ ᠤᠨᠤᠴᠠᠳᠠᠢ ᠤᠶᠢᠯᠠᠭᠠᠵᠦ᠂ ᠲᠡᠳᠡᠨ ᠳᠤ ᠬᠠᠮᠤᠭ ᠲᠤᠬᠢᠷᠠᠬᠰᠠᠨ ᠵᠠᠰᠠᠯᠭ᠎ᠠ ᠪᠠ ᠬᠠᠮᠢᠶᠠᠷᠦᠨ ᠬᠠᠮᠠᠭᠠᠯᠠᠬᠤ ᠲᠦᠰᠦᠪ ᠲᠤᠬᠳᠠᠭᠠᠵᠦ ᠦᠭᠴᠦ ᠪᠤᠢ︾ ᠬᠡᠵᠦ ᠶᠠᠷᠢᠵᠦ ᠪᠠᠶᠢᠯ᠎ᠠ᠃        ᠨᠠᠰᠦ ᠠᠬᠢᠬᠰᠠᠨ ᠡᠪᠡᠳᠴᠢᠳᠡᠳ ᠲᠤ ᠤᠯᠠᠨ ᠡᠰᠢᠵᠢᠭᠰᠡᠨ ᠲᠦᠬᠦᠮ ᠡᠮᠴᠢᠯᠡᠬᠡᠨ ᠤ ᠦᠢᠯᠡᠴᠢᠯᠡᠭᠡ ᠬᠠᠨᠭ᠍ᠭᠠᠬᠤ ᠶᠢᠨ ᠲᠦᠯᠦᠬᠡ᠂ ᠤᠯᠠᠭᠠᠨᠬᠤᠳᠡ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠡᠮᠴᠢᠯᠡᠭᠡᠨ ᠤ ᠰᠠᠯᠠᠭ᠎ᠠ ᠶᠢᠨ ᠡᠮᠴᠢᠯᠡᠬᠡᠨ ᠤ ᠠᠵᠢᠯᠳᠠᠳ ᠪᠠᠰᠠ ᠦᠨᠳᠦᠰᠦᠨ ᠱᠠᠳᠦᠨ ᠤ ᠨᠡᠶᠢᠬᠡᠮ ᠲᠤᠭᠤᠷᠢᠭ ᠤᠨ ᠠᠯᠪᠠᠨ ᠵᠢᠷᠦᠮ ᠤᠨ ᠡᠮᠴᠢᠯᠡᠬᠡᠨ ᠤ ᠠᠵᠢᠯᠯᠠᠭ᠎ᠠ ᠳᠤ ᠢᠳᠡᠪᠬᠢᠳᠡᠢ ᠤᠷᠤᠯᠴᠠᠵᠦ ᠪᠤᠢ᠃ ᠠᠯᠪᠠᠨ ᠵᠢᠷᠦᠮ ᠤᠨ ᠡᠮᠴᠢᠯᠡᠬᠡᠨ ᠤ ᠠᠵᠢᠯᠯᠠᠭ᠎ᠠ ᠳᠤ᠂ ᠡᠮᠴᠢᠯᠡᠬᠡᠨ ᠤ ᠠᠵᠢᠯᠳᠠᠳ ᠨᠠᠰᠦᠳᠠᠶᠢᠴᠤᠳ ᠲᠤ ᠡᠯ᠎ᠡ ᠲᠦᠷᠦᠯ ᠤᠨ ᠨᠠᠰᠦᠳᠠᠶᠢᠴᠤᠳ ᠤᠨ ᠡᠪᠡᠳᠴᠢᠨ ᠡᠮᠬᠡᠭ ᠢ ᠤᠷᠢᠳᠴᠢᠯᠠᠨ ᠰᠡᠷᠬᠡᠶᠢᠯᠡᠬᠦ ᠵᠢᠴᠢ ᠡᠳᠦᠷ ᠲᠤᠳᠤᠮ ᠤᠨ ᠡᠷᠡᠬᠦᠯᠵᠢᠯ ᠤᠨ ᠮᠡᠳᠡᠯᠬᠡ ᠶᠢ ᠲᠠᠶᠢᠯᠪᠦᠷᠢᠯᠠᠬᠰᠠᠨ ᠪᠦᠭᠡᠳ ᠨᠠᠰᠦᠳᠠᠶᠢᠴᠤᠳ ᠤᠨ ᠴᠢᠰᠦᠨ ᠲᠠᠷᠦᠯᠳᠠ ᠴᠢᠰᠦᠨ ᠰᠢᠬᠢᠷ ᠢ ᠨᠢ ᠬᠡᠮᠵᠢᠨ ᠦᠭᠴᠦ᠂ ᠦᠪᠡᠷᠮᠢᠴᠢᠯᠡᠭᠰᠡᠨ ᠡᠷᠡᠬᠦᠯ ᠮᠡᠨᠳᠤ ᠶᠢᠨ ᠬᠠᠮᠢᠶᠠᠷᠦᠯᠳᠠ ᠶᠢᠨ ᠰᠠᠨᠠᠭᠤᠯᠭ᠎ᠠ ᠬᠠᠨᠭ᠍ᠭᠠᠵᠦ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ᠨᠡᠶᠢᠬᠡᠮ ᠲᠤᠭᠤᠷᠢᠭ ᠤᠨ ᠨᠠᠰᠦᠳᠠᠶᠢᠴᠤᠳ ᠤᠨ ᠡᠷᠡᠬᠦᠯ ᠮᠡᠨᠳᠤ ᠶᠢ ᠰᠠᠬᠢᠵᠦ ᠪᠤᠢ᠃        ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠨᠠᠰᠦᠳᠠᠶᠢᠴᠤᠳ ᠤᠨ ᠡᠮᠴᠢᠯᠡᠭᠡᠨ ᠤ ᠰᠠᠯᠠᠭ᠎ᠠ 2022 ᠤᠨ ᠳᠤ ᠪᠠᠶᠢᠭᠤᠯᠤᠬᠳᠠᠬᠰᠠᠨ ᠠᠴᠠ ᠨᠠᠭᠠᠰᠢ᠂ ᠢᠮᠠᠬᠳᠠ ᠴᠢᠩᠭ᠎ᠠ ᠨᠢᠮᠪᠠᠢ ᠤᠨᠤᠰᠢᠯᠠᠨ ᠵᠠᠰᠠᠬᠤ ᠶᠠᠪᠤᠴᠠ ᠶᠢ ᠪᠠᠳᠦᠯᠠᠵᠦ ᠢᠷᠡᠵᠡᠢ᠃ ᠬᠠᠮᠤᠭ ᠠᠩᠬᠠᠨ ᠤ ᠪᠡᠶ᠎ᠡ ᠶᠢᠨ ᠪᠠᠶᠢᠴᠠᠭᠠᠯᠳᠠ ᠪᠠ ᠬᠢᠨᠠᠨ ᠦᠨᠡᠯᠡᠬᠦ ᠠᠴᠠ ᠰᠡᠬᠦᠯᠴᠢ ᠶᠢᠨ ᠡᠮᠴᠢᠯᠡᠭᠡᠨ ᠤ ᠪᠠᠶᠢᠴᠠᠭᠠᠯᠳᠠ ᠪᠠ ᠤᠨᠤᠰᠢᠯᠠᠨ ᠵᠠᠰᠠᠬᠤ᠂ ᠡᠪᠡᠳᠴᠢᠳᠡᠨ ᠡᠮᠨᠡᠯᠬᠡ ᠠᠴᠠ ᠭᠠᠷᠤᠬᠰᠠᠨ 3 ᠰᠠᠷ᠎ᠠ ᠶᠢᠨ ᠬᠤᠭᠤᠴᠠᠭᠠᠨ ᠤ ᠮᠦᠷᠳᠡᠬᠦ ᠦᠢᠯᠡᠴᠢᠯᠡᠭᠡ ᠦᠷᠨᠢᠬᠦᠯᠵᠦ ᠡᠪᠡᠳᠴᠢᠳᠡᠳ ᠲᠤ ᠠᠰᠢᠭ ᠬᠦᠷᠳᠡᠬᠡᠵᠡᠢ᠃ ᠤᠳᠤ᠂ ᠰᠠᠯᠠᠭ᠎ᠠ ᠲᠠᠰᠤᠭ ᠤᠨ ᠠᠪᠦᠷᠠᠨ ᠵᠠᠰᠠᠬᠤ ᠦᠷ᠎ᠡ ᠪᠦᠳᠦᠮᠵᠢ ᠢᠯᠡᠷᠬᠡᠢ ᠰᠠᠶᠢᠵᠢᠷᠠᠵᠦ᠂ ᠡᠬᠦᠳᠡᠨ ᠡᠮᠨᠡᠯᠬᠡ ᠶᠢᠨ ᠬᠡᠮᠵᠢᠶ᠎ᠡ ᠵᠢᠯ ᠪᠦᠷᠢ 1000 ᠬᠦᠮᠦᠨ ᠳᠤ ᠬᠦᠷᠴᠦ ᠪᠤᠢ᠃ ᠡᠪᠡᠳᠴᠢᠳᠡᠳ ᠤᠨ ᠡᠪᠡᠳᠴᠢᠨ ᠢ ᠪᠦᠳᠦᠮᠵᠢᠳᠡᠢ ᠵᠠᠰᠠᠵᠦ᠂ ᠡᠷᠡᠬᠦᠯ ᠮᠡᠨᠳᠤ ᠶᠢᠨ ᠪᠠᠶᠢᠳᠠᠯ ᠴᠤ ᠢᠯᠡᠳᠳᠡ ᠰᠠᠶᠢᠵᠢᠷᠠᠵᠠᠢ᠃        ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠨᠠᠰᠦᠳᠠᠶᠢᠴᠤᠳ ᠤᠨ ᠡᠮᠴᠢᠯᠡᠭᠡᠨ ᠤ ᠰᠠᠯᠠᠭ᠎ᠠ ᠶᠢᠨ ᠡᠷᠬᠢᠯᠡᠭᠴᠢ ᠰᠢᠤᠢ ᠵᠢᠶᠠᠨ ᠵᠦᠸᠧ᠄ ︽ᠲᠠᠷᠠᠭᠠᠴᠢ ᠪᠠᠷ᠂ ᠰᠠᠯᠠᠭ᠎ᠠ ᠲᠠᠰᠤᠭ ᠡᠮᠨᠡᠯᠬᠡ ᠶᠢᠨ ᠬᠤᠷᠢᠶ᠎ᠠ ᠶᠢᠨ ᠪᠦᠬᠦᠶᠢᠯᠡ ᠲᠦᠯᠦᠪᠵᠢᠬᠦᠯᠬᠡ ᠳᠤ ᠲᠦᠰᠢᠭᠯᠡᠨ᠂ ᠰᠠᠯᠠᠭ᠎ᠠ ᠲᠠᠰᠤᠭ ᠤᠨ ᠠᠵᠢᠯᠳᠠᠳ ᠤᠨ ᠲᠤᠬᠠᠶᠢᠯᠠᠬᠰᠠᠨ ᠠᠵᠢᠯ ᠤᠨ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠬᠦᠯᠵᠦ᠂ ᠵᠢᠯ ᠪᠦᠷᠢ ᠨᠢᠬᠡ ᠡᠮᠴᠢ ᠶᠢ ᠦᠪᠡᠷᠳᠡᠬᠡᠨ ᠵᠠᠰᠠᠬᠤ ᠤᠷᠤᠨ ᠤ ᠨᠠᠰᠦᠳᠠᠶᠢᠴᠤᠳ ᠤᠨ ᠡᠮᠴᠢᠯᠡᠭᠡᠨ ᠤ ᠪᠤᠯᠪᠠᠰᠦᠷᠠᠯ ᠤᠨ ᠲᠦᠪ ᠲᠤ ᠲᠤᠮᠢᠯᠠᠵᠦ ᠰᠤᠷᠤᠯᠴᠠᠭᠤᠯᠤᠨ᠂ ᠨᠠᠰᠦ ᠠᠬᠢᠬᠰᠠᠨ ᠡᠪᠡᠳᠴᠢᠳᠡᠳ ᠲᠤ ᠨᠡᠩ ᠰᠠᠶᠢᠨ ᠦᠢᠯᠡᠴᠢᠯᠡᠬᠦ ᠪᠤᠯᠤᠨ᠎ᠠ︾ ᠬᠡᠵᠦ ᠶᠠᠷᠢᠵᠦ ᠪᠠᠶᠢᠯ᠎ᠠ᠃ ᠰᠦᠩ ᠬᠤᠤ ᠸᠠᠩ ᠫᠢᠩ ᠸᠠᠩ ᠰᠢᠤᠸᠠᠢ ᠮᠡᠳᠡᠬᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号