| ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠤᠯᠠᠭᠠᠨᠬᠤᠳᠠ ᠬᠦᠳᠡᠭᠡ ᠲᠤᠰᠬᠤᠨ ᠤ ᠮᠠᠭᠤ ᠮᠠᠭᠤᠬᠠᠢ ᠵᠠᠩ | ᠲᠠᠳᠬᠠᠯ ᠢ ᠦᠬᠡᠷᠡᠴᠢᠯᠡᠬᠦ ᠠᠵᠢᠯ ᠢ ᠤᠶᠤᠨ ᠤ ᠪᠤᠯᠪᠠᠰᠦᠨ ᠤ ᠪᠠᠶᠢᠭᠤᠯᠤᠯᠳᠠ ᠶᠢ ᠴᠢᠩᠭᠠᠳᠬᠠᠬᠤ᠂ ᠬᠦᠳᠡᠭᠡ | ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠬᠦᠴᠦᠳᠡᠢ ᠭᠠᠷᠳᠠᠴᠠ ᠪᠤᠯᠭᠠᠬᠤ ᠶᠢ ᠪᠠᠷᠢᠮᠳᠠᠯᠠᠵᠦ᠂ | ᠤᠬᠠᠭᠤᠯᠭ᠎ᠠ ᠪᠠᠨ ᠴᠢᠩᠭᠠᠷᠠᠭᠤᠯᠬᠤ᠂ ᠲᠤᠰᠬᠤᠨ ᠤ ᠲᠦᠷᠢᠮ ᠢ ᠲᠡᠬᠦᠯᠳᠡᠷᠵᠢᠬᠦᠯᠬᠦ᠂ ᠬᠤᠪᠢ ᠬᠤᠷᠠᠮᠳᠤᠭᠤᠯᠤᠨ | ᠪᠤᠳᠠᠰ ᠰᠤᠯᠢᠬᠤ ᠵᠤᠷᠢᠬᠵᠢᠭᠤᠯᠤᠯ ᠤᠨ ᠲᠤᠬᠳᠠᠴᠠ ᠶᠢ ᠬᠡᠷᠡᠭᠵᠢᠬᠦᠯᠬᠦ ᠵᠡᠷᠭᠡ ᠠᠷᠭ᠎ᠠ ᠪᠠᠷ ᠬᠦᠳᠡᠭᠡ ᠲᠤᠰᠬᠤᠨ | ᠮᠠᠯᠵᠢᠬᠤ ᠤᠷᠤᠨ ᠤ ᠮᠠᠭᠤ ᠮᠠᠭᠤᠬᠠᠢ ᠵᠠᠩ ᠲᠠᠳᠬᠠᠯ ᠤᠨ ᠦᠬᠡᠷᠡᠴᠢᠯᠡᠯᠳᠡ ᠶᠢ ᠪᠤᠳᠠᠳᠠᠶᠢᠵᠢᠭᠤᠯᠵᠦ᠂ ᠦᠨᠳᠦᠰᠦᠨ | ᠱᠠᠳᠦᠨ ᠤ ᠵᠠᠰᠠᠯᠳᠠ ᠪᠠ ᠬᠦᠳᠡᠭᠡ ᠲᠤᠰᠬᠤᠨ ᠤ ᠪᠤᠯᠪᠠᠰᠦᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠵᠦ ᠪᠤᠢ᠃ | ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠢᠯᠡᠯᠳᠡ ᠪᠠᠯᠭᠠᠰᠦ ᠶᠢᠨ ᠢᠯᠡᠯᠳᠡ ᠭᠠᠴᠠᠭᠠᠨ ᠳᠤ᠂ | ᠠᠵᠢᠯᠳᠠᠳ ᠤᠯᠠᠨ ᠲᠦᠮᠡᠨ ᠳᠤ ᠤᠬᠠᠭᠤᠯᠭ᠎ᠠ ᠶᠢᠨ ᠬᠠᠭᠤᠳᠠᠰᠦ ᠲᠠᠷᠬᠠᠭᠠᠬᠰᠠᠨ ᠪᠦᠭᠡᠳ ᠲᠡᠷᠭᠡᠳᠡᠬᠢ ᠪᠤᠳᠠᠳᠠᠢ | ᠵᠢᠱᠢᠶ᠎ᠡ ᠲᠠᠢ ᠪᠠᠨ ᠤᠶᠠᠯᠳᠤᠭᠤᠯᠤᠨ ᠦᠨᠳᠦᠷ ᠪᠤᠬᠳᠤᠯᠠᠬᠤ ᠮᠦᠡᠭᠬᠦ᠂ ᠶᠡᠬᠡᠪᠡᠷ ᠶᠤᠰᠤᠯᠠᠯ ᠬᠢᠬᠦ ᠵᠡᠷᠭᠡ ᠬᠠᠭᠤᠴᠢᠨ | ᠲᠠᠳᠬᠠᠯ ᠤᠨ ᠬᠤᠤᠷ ᠬᠦᠨᠦᠬᠡᠯ ᠢ ᠲᠠᠶᠢᠯᠪᠦᠷᠢᠯᠡᠵᠦ᠂ ᠪᠤᠯᠪᠠᠰᠦᠨ ᠰᠢᠨ᠎ᠠ ᠰᠤᠷᠳᠠᠯ ᠢ ᠬᠦᠮᠦᠰ ᠤᠨ ᠰᠡᠳᠬᠢᠯ ᠳᠤ | ᠬᠠᠳᠠᠩᠰᠢᠭᠤᠯᠵᠠᠢ᠃ | ᠤᠯᠠᠭᠠᠨᠬᠤᠳᠠ ᠶᠢᠨ ᠰᠢᠨᠴᠧᠩ ᠵᠡᠬᠡᠯᠢ ᠶᠢᠨ ᠵᠡᠬᠦᠨ ᠪᠠᠶᠠᠨ ᠭᠠᠴᠠᠭᠠᠨ ᠤ ᠠᠭᠤᠳᠠᠮ ᠲᠠᠯᠠᠪᠠᠢ ᠳᠤ ᠤᠯᠠᠨ | ᠲᠦᠮᠡᠨ ᠦᠪᠡᠷ ᠢᠶᠠᠨ ᠵᠤᠬᠢᠶᠠᠨ ᠪᠦᠳᠦᠬᠡᠭᠰᠡᠨ ᠴᠠᠷᠬᠢᠯ ᠬᠤᠯᠪᠤᠭ᠎ᠠ᠂ ᠦᠵᠡᠭᠳᠡᠯᠳᠤ ᠵᠦᠴᠦᠬᠡ ᠵᠡᠷᠭᠡ ᠫᠷᠤᠭ᠍ᠷᠠᠮ ᠢᠶᠠᠷ | ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ ᠤ ᠮᠠᠭᠤ ᠮᠠᠭᠤᠬᠠᠢ ᠵᠠᠩ ᠲᠠᠳᠬᠠᠯ ᠢ ᠦᠬᠡᠷᠡᠴᠢᠯᠡᠬᠦ ᠤᠷᠠᠨ | ᠰᠠᠶᠢᠬᠠᠨ ᠤ ᠲᠤᠬᠯᠠᠯᠳᠠ ᠭᠠᠷᠭᠠᠵᠦ᠂ ᠦᠨᠳᠦᠷ ᠪᠤᠬᠳᠤᠯᠠᠬᠤ ᠮᠦᠡᠭᠬᠦ᠂ ᠱᠠᠯᠢᠨ ᠪᠦᠷᠢᠯᠬᠡᠬᠦ ᠵᠡᠷᠭᠡ ᠨᠡᠶᠢᠬᠡᠮ ᠤᠨ | ᠦᠵᠡᠭᠳᠡᠯ ᠤᠨ ᠬᠤᠤᠷ ᠬᠦᠨᠦᠬᠡᠯ ᠢ ᠲᠤᠰᠬᠠᠵᠦ᠂ ᠤᠷᠠᠨ ᠰᠠᠶᠢᠬᠠᠨ ᠤ ᠲᠤᠬᠯᠠᠯᠳᠠ ᠪᠠᠷ ᠪᠤᠯᠪᠠᠰᠦᠨ ᠰᠢᠨ᠎ᠠ | ᠰᠤᠷᠳᠠᠯ ᠢ ᠤᠬᠠᠭᠤᠯᠵᠦ ᠪᠠᠶᠢᠯ᠎ᠠ᠃ | ᠤᠳᠤ᠂ ᠤᠯᠠᠭᠠᠨᠬᠤᠳᠠ ᠳᠤ ᠶᠠᠭ ᠰᠠᠶ᠋ᠢᠬᠠᠨ ᠪᠤᠯᠪᠠᠰᠦᠨ ᠰᠢᠨ᠎ᠠ ᠠᠭᠤᠷ ᠠᠮᠢᠰᠬᠤᠯ ᠢᠯᠡᠷᠡᠵᠦ᠂ ᠮᠤᠬᠤᠷ | ᠪᠢᠰᠢᠷᠡᠯ᠂ ᠱᠠᠯᠢᠨ ᠪᠦᠷᠢᠯᠬᠡᠬᠦ ᠵᠡᠷᠭᠡ ᠬᠠᠭᠤᠴᠢᠨ ᠲᠠᠳᠬᠠᠯ ᠢ ᠪᠦᠳᠦᠮᠵᠢᠳᠡᠢ ᠬᠤᠷᠢᠬᠯᠠᠵᠦ᠂ ᠰᠢᠨᠵᠢᠯᠡᠬᠦ ᠤᠬᠠᠭᠠᠨ ᠢ | ᠡᠷᠬᠢᠮᠯᠡᠬᠦ᠂ ᠠᠷᠪᠢᠴᠢ ᠪᠤᠷᠤᠬᠵᠢᠭᠤᠨ ᠰᠢᠨ᠎ᠠ ᠰᠤᠷᠳᠠᠯ ᠡᠳᠦᠷ ᠢᠷᠡᠬᠦᠶ᠎ᠡ ᠲᠦᠬᠡᠮᠡᠯᠵᠢᠵᠦ ᠪᠤᠢ᠃ ︵ᠳ᠋ᠦᠩ ᠯᠢᠨ | ᠴᠧᠨ ᠭᠠᠩ︶ | | |