ᠣᠶᠢᠷ᠎ᠠ ᠬᠠᠷᠠᠭ᠎ᠠ ᠶᠢ ᠬᠠᠷᠠᠬᠠᠨ ᠪᠠᠭ᠎ᠠ ᠠᠴᠠ ᠪᠠᠨ ᠰᠡᠷᠭᠡᠶᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2025/6/11
        6 ᠰᠠᠷ᠎ᠠ ᠶᠢᠨ 6 ᠤ ᠡᠳᠦᠷ ᠪᠣᠯ ᠪᠥᠬᠦ ᠤᠯᠤᠰ ᠤᠨ ᠨᠢᠳᠦ ᠪᠠᠨ ᠬᠠᠶᠢᠷᠠᠯᠠᠬᠤ ᠡᠳᠦᠷ ᠪᠣᠯᠤᠨ᠎ᠠ᠂ ᠲᠤᠰᠬᠠᠶ ᠮᠡᠷᠭᠡᠵᠢᠯᠲᠡᠨ᠂ ᠰᠠᠶᠢᠨ ᠬᠠᠷᠠᠭ᠎ᠠ ᠨᠢ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠲᠦᠢᠯ ᠤᠨ ᠴᠢᠬᠤᠯᠠ ᠶᠤᠮ᠂ ᠵᠠᠯᠠᠭᠤᠴᠤᠳ ᠪᠠᠭᠠᠴᠤᠳ ᠨᠢᠳᠦ ᠪᠠᠨ ᠬᠡᠷᠡᠭᠯᠡᠬᠦ ᠰᠠᠶᠢᠨ ᠰᠠᠶᠢᠬᠠᠨ ᠳᠠᠳᠬᠠᠯ ᠲᠠᠢ ᠪᠣᠯᠵᠣ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠣᠶᠢᠷ᠎ᠠ ᠬᠠᠷᠠᠭ᠎ᠠ ᠶᠢ ᠰᠡᠷᠭᠡᠶᠢᠯᠡᠬᠦ ᠠᠵᠢᠯ ᠢ ᠬᠠᠷᠠᠬᠠᠨ ᠪᠠᠭ᠎ᠠ ᠠᠴᠠ ᠪᠠᠨ ᠡᠬᠢᠯᠡᠨ ᠬᠢᠬᠦ ᠬᠡᠷᠡᠭᠲᠡᠶ ᠭᠡᠵᠦ ᠰᠠᠨᠠᠭᠤᠯᠪᠠ᠃        ᠣᠶᠢᠷ᠎ᠠ ᠬᠠᠷᠠᠭ᠎ᠠ ᠨᠢ ᠪᠤᠳᠤᠯᠢᠶᠠᠨᠲᠠᠢ ᠶᠠᠪᠤᠴᠠ ᠶᠢ ᠳᠠᠮᠵᠢᠳᠠᠭ᠂ ᠡᠭᠦᠨ ᠳᠤ ᠤᠳᠤᠮᠯᠠᠯ᠂ ᠣᠷᠴᠢᠨ ᠲᠣᠭᠤᠷᠢᠨ᠂ ᠦᠢᠯᠡ ᠠᠵᠢᠯᠯᠠᠭ᠎ᠠ ᠵᠡᠷᠭᠡ ᠣᠯᠠᠨ ᠵᠦᠢᠯ ᠤᠨ ᠡᠯᠧᠮᠧᠨ᠋ᠲ ᠤᠨ ᠬᠠᠮᠲᠤ ᠶᠢᠨ ᠦᠢᠯᠡᠳᠦᠯ ᠪᠠᠭᠲᠠᠨ᠎ᠠ᠃ ᠬᠥᠬᠡᠨᠠᠭᠤᠷ ᠮᠤᠵᠢ ᠶᠢᠨ ᠲᠠᠪᠤᠳᠤᠭᠠᠷ ᠡᠮᠨᠡᠯᠭᠡ ᠶᠢᠨ ᠬᠤᠷᠢᠶ᠎ᠠ ᠶᠢᠨ ᠨᠢᠳᠦᠨ ᠤ ᠰᠠᠯᠠᠭᠠᠨ ᠤ ᠡᠷᠬᠢᠯᠡᠭᠴᠢ ᠡᠮᠴᠢ ᠴᠧᠨ ᠫᠢᠩ᠂ ᠣᠶᠢᠷ᠎ᠠ ᠵᠠᠶ ᠳᠤ ᠨᠢᠳᠦ ᠪᠠᠨ ᠬᠡᠲᠦ ᠬᠡᠷᠡᠭᠯᠡᠬᠦ᠂ ᠭᠡᠷ ᠤᠨ ᠭᠠᠳᠠᠨᠠᠬᠢ ᠬᠥᠳᠡᠯᠭᠡᠭᠡᠨ ᠤ ᠴᠠᠭ ᠬᠦᠷᠦᠯᠴᠡᠬᠦ ᠥᠬᠡᠶ᠂ ᠤᠨᠲᠠᠬᠤ ᠴᠠᠭ ᠨᠢ ᠬᠦᠢᠴᠡᠳ ᠪᠤᠰᠤ᠂ ᠰᠤᠷᠤᠯᠴᠠᠬᠤ ᠣᠷᠴᠢᠨ ᠲᠣᠭᠤᠷᠢᠨ ᠤ ᠭᠡᠷᠡᠯᠲᠦᠭᠦᠯᠭᠡ ᠨᠢ ᠪᠠᠷᠢᠮᠵᠢᠶ᠎ᠠ ᠳᠤ ᠬᠥᠷᠬᠦ ᠥᠬᠡᠶ᠂ ᠰᠢᠮ᠎ᠡ ᠲᠡᠵᠢᠭᠡᠯ ᠲᠡᠩᠴᠡᠭᠦᠷᠢ ᠥᠬᠡᠶ ᠵᠡᠷᠭᠡ ᠨᠢ ᠴᠥᠮ ᠣᠶᠢᠷ᠎ᠠ ᠬᠠᠷᠠᠭ᠎ᠠ ᠲᠠᠢ ᠪᠤᠯᠬᠤ ᠪᠤᠯᠤᠮᠵᠢ ᠶᠢ ᠨᠡᠮᠡᠭᠳᠡᠬᠦᠯᠵᠦ ᠮᠡᠳᠡᠨ᠎ᠡ ᠭᠡᠪᠡ᠃        ᠴᠧᠨ ᠫᠢᠩ᠂ ᠬᠡᠦᠬᠡᠳ ᠤᠨ ᠨᠢᠳᠦᠨ ᠴᠡᠴᠡᠭᠡᠶ ᠪᠠ ᠬᠠᠷᠠᠭ᠎ᠠ ᠪᠣᠯ ᠠᠭᠠᠵᠢᠮ ᠢᠶᠠᠷ ᠪᠤᠶᠢᠵᠢᠵᠤ ᠪᠣᠯᠪᠠᠰᠤᠷᠠᠳᠠᠭ᠃ ᠡᠶᠢᠮᠦ ᠠᠴᠠ᠂ ᠬᠡᠦᠬᠡᠳ ᠤᠨ ᠴᠡᠴᠡᠷᠯᠢᠭ ᠪᠠ ᠰᠤᠷᠬᠤ ᠨᠠᠰᠤᠨ ᠤ ᠱᠠᠲᠤᠨ ᠠᠴᠠ ᠡᠬᠢᠯᠡᠨ ᠲᠣᠭᠲᠠᠮᠠᠯ ᠬᠤᠭᠤᠴᠠᠭ᠎ᠠ ᠲᠠᠢ ᠪᠠᠷ ᠬᠠᠷᠠᠭᠠᠨ ᠤ ᠪᠠᠶᠢᠴᠠᠭᠠᠯᠲᠠ ᠬᠢᠵᠦ᠂ ᠨᠠᠭᠠᠳᠤ ᠵᠠᠬ᠎ᠠ ᠳᠠᠭᠠᠨ ᠨᠢᠭᠡ ᠵᠢᠯ ᠳᠤ ᠬᠤᠶᠠᠷ ᠤᠳᠠᠭ᠎ᠠ ᠬᠢᠬᠦ ᠶᠢ ᠰᠠᠨᠠᠭᠤᠯᠪᠠ᠃ ᠳᠡᠷᠡ᠄ ︽ᠨᠢᠳᠦᠨ ᠴᠡᠴᠡᠭᠡᠶ ᠶᠢᠨ ᠴᠢᠬᠤᠯᠠ ᠪᠤᠶᠢᠵᠢᠯᠲᠠ ᠶᠢᠨ ᠱᠠᠲᠤᠨ ᠳᠤ ᠨᠢᠳᠦᠨ ᠤ ᠪᠥᠬᠦ ᠲᠠᠯ᠎ᠠ ᠶᠢᠨ ᠪᠠᠶᠢᠴᠠᠭᠠᠯᠲᠠ ᠪᠠ ᠨᠢᠳᠦᠨ ᠢᠷᠣᠭᠠᠷ ᠤᠨ ᠰᠢᠭᠰᠢᠨ ᠪᠠᠶᠢᠴᠠᠭᠠᠯᠲᠠ ᠶᠢ ᠬᠦᠯᠢᠶᠡᠪᠡᠯ᠂ ᠲᠥᠷᠥᠯᠬᠢ ᠶᠢᠨ ᠴᠢᠨᠠᠷᠲᠠᠶ ᠴᠠᠭᠠᠨ ᠬᠠᠷᠠᠩ᠂ ᠡᠷᠲᠡ ᠬᠥᠩᠭᠡᠵᠢᠭᠰᠡᠨ ᠬᠡᠦᠬᠡᠳ ᠤᠨ ᠨᠢᠳᠦᠨ ᠤ ᠲᠣᠣᠷᠯᠢᠭ ᠪᠦᠷᠬᠦᠪᠴᠢ ᠶᠢᠨ ᠡᠪᠡᠳᠴᠢᠨ ᠤ ᠬᠤᠪᠢᠷᠠᠯᠲᠠ ᠵᠡᠷᠭᠡ ᠬᠠᠷᠠᠭᠠᠨ ᠤ ᠪᠤᠶᠢᠵᠢᠯᠲᠠ ᠶᠢ ᠨᠥᠯᠥᠭᠡᠯᠡᠬᠦ ᠨᠢᠳᠦᠨ ᠤ ᠡᠪᠡᠳᠴᠢᠨ ᠵᠢᠴᠢ ᠬᠢᠯᠠᠷ᠂ ᠬᠠᠷᠠᠭ᠎ᠠ ᠮᠠᠭᠤ ᠵᠡᠷᠭᠡ ᠬᠡᠦᠬᠡᠳ ᠤᠨ ᠦᠷᠭᠦᠯᠵᠢ ᠲᠣᠬᠢᠶᠠᠯᠳᠤᠳᠠᠭ ᠨᠢᠳᠦᠨ ᠤ ᠡᠪᠡᠳᠴᠢᠨ ᠢ ᠡᠷᠲᠡᠬᠡᠨ ᠣᠯᠵᠤ ᠮᠡᠳᠡᠵᠦ ᠪᠣᠯᠤᠨ᠎ᠠ︾ ᠭᠡᠪᠡ᠃        ᠡᠷᠲᠡ ᠢᠯᠡᠷᠡᠭᠦᠯᠵᠦ᠂ ᠡᠷᠲᠡ ᠬᠠᠮᠢᠶᠠᠷᠬᠤ ᠨᠢ ᠬᠡᠦᠬᠡᠳ ᠤᠨ ᠬᠡᠪ ᠤᠨ ᠬᠠᠷᠠᠭᠠᠨ ᠤ ᠪᠤᠶᠢᠵᠢᠯᠲᠠ ᠶᠢ ᠠᠬᠢᠭᠤᠯᠳᠠᠭ᠃ ᠰᠢᠨᠢᠩ ᠬᠤᠲᠠ ᠶᠢᠨ ᠨᠢᠭᠡᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠨᠢᠳᠦᠨ ᠤ ᠰᠠᠯᠠᠭᠠᠨ ᠤ ᠡᠷᠬᠢᠯᠡᠭᠴᠢ ᠡᠮᠴᠢ ᠦ᠋ ᠵᠢᠤᠸᠠᠨ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠪᠣᠯ ᠨᠢᠭᠡᠨ ᠰᠢᠰᠲ᠋ᠧᠮᠲᠦ ᠢᠨᠵᠧᠨᠧᠷᠢᠩ ᠪᠣᠯᠬᠤᠷ ᠬᠡᠷ ᠪᠦᠯᠢ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ ᠪᠠ ᠨᠡᠶᠢᠭᠡᠮ ᠤᠨ ᠬᠢᠨ ᠬᠠᠮᠲᠤ ᠪᠠᠷ ᠠᠩᠬᠠᠷᠬᠤ ᠬᠡᠷᠡᠭᠲᠡᠶ᠃        ᠬᠡᠷ ᠤᠨ ᠠᠬᠠᠮᠠᠳ ᠪᠡᠶ᠎ᠡ ᠪᠠᠷ ᠢᠶᠠᠨ ᠬᠡᠪ ᠲᠦᠷᠢᠮ ᠪᠣᠯᠵᠣ ᠡᠷᠡᠭᠦᠯ ᠮᠡᠨᠳᠦ ᠶᠢᠨ ᠤᠬᠠᠮᠰᠠᠷ ᠢ ᠪᠣᠶ ᠪᠣᠯᠭᠠᠵᠤ ᠂ ᠭᠠᠷ ᠤᠲᠠᠰᠤ᠂ ᠺᠣᠮᠫᠢᠦ᠋ᠲ᠋ᠧᠷ ᠵᠡᠷᠭᠡ ᠡᠳ᠋ ᠪᠣᠳᠠᠰ ᠲᠤ ᠲᠦᠰᠢᠭᠯᠡᠬᠦ ᠪᠠᠨ ᠪᠠᠭᠠᠰᠬᠠᠵᠤ᠂ ᠬᠡᠦᠬᠡᠳ ᠤᠨ ᠢᠶᠠᠨ ᠬᠡᠷ ᠤᠨ ᠭᠠᠳᠠᠨᠠᠬᠢ ᠬᠥᠳᠡᠯᠭᠡᠭᠡᠨ ᠳᠤ ᠤᠷᠤᠯᠴᠠᠬᠤ ᠴᠠᠭ ᠢ ᠨᠡᠮᠡᠭᠳᠡᠭᠦᠯᠵᠦ᠂ ᠬᠡᠦᠬᠡᠳ ᠤᠨ ᠢᠶᠠᠨ ᠬᠠᠷᠠᠭᠠᠨ ᠤ ᠪᠠᠶᠢᠳᠠᠯ ᠢ ᠨᠢᠭᠲᠠ ᠠᠩᠬᠠᠷᠬᠤ ᠬᠡᠷᠡᠭᠲᠡᠶ᠃ ᠵᠠᠯᠠᠭᠤᠴᠤᠳ ᠪᠠᠭᠠᠴᠤᠳ ᠥᠪᠡᠷ ᠢᠶᠠᠨ ᠴᠦ ᠨᠤᠮ ᠤᠩᠰᠢᠵᠤ ᠪᠢᠴᠢᠬᠦ ᠳᠡᠭᠡᠨ ᠲᠥᠪ ᠰᠠᠭᠤᠵᠤ᠂ ᠡᠯᠧᠺᠲᠷᠣᠨ ᠦᠢᠯᠡᠳᠬᠦᠨ ᠬᠡᠷᠡᠭᠯᠡᠬᠦ ᠴᠠᠭ ᠢᠶᠠᠨ ᠵᠣᠬᠢᠰᠲᠠᠶ ᠡᠵᠡᠮᠳᠡᠨ᠂ ᠨᠢᠳᠦ ᠪᠠᠨ ᠬᠠᠮᠠᠭᠠᠯᠠᠬᠤ ᠲᠠᠮᠢᠷ ᠬᠢᠬᠦ ᠵᠡᠷᠭᠡ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ ︽20 — 20 — 20︾ ᠶᠢᠨ ᠲᠦᠷᠢᠮ ᠢ ᠵᠢᠷᠤᠮᠯᠠᠨ᠂ ᠣᠶᠢᠷ᠎ᠠ ᠵᠠᠶ ᠳᠤ 20 ᠮᠢᠨᠦ᠋ᠲ ᠨᠢᠳᠦ ᠪᠠᠨ ᠬᠡᠷᠡᠭᠯᠡᠪᠡᠯ᠂ 20 ᠹᠦᠲ ︵ᠪᠠᠷᠤᠭ 6 ᠮᠧᠲᠷ︶ ᠤᠨ ᠭᠠᠳᠠᠨᠠᠬᠢ ᠪᠣᠳᠠᠰ ᠢ ᠨᠠᠭᠠᠳᠤ ᠵᠠᠬ᠎ᠠ ᠳᠠᠭᠠᠨ 20 ᠰᠧᠺᠦ᠋ᠨ᠋ᠳ᠋ ᠪᠠᠷᠠᠯᠠᠵᠤ᠂ ᠰᠤᠷᠮᠤᠤᠰᠤᠯᠢᠭ ᠪᠤᠯᠴᠢᠩ ᠤᠨ ᠠᠪᠴᠢᠯᠳᠠ ᠶᠢ ᠨᠠᠮᠳᠠᠭᠤᠯᠵᠤ᠂ ᠡᠳᠦᠷ ᠪᠦᠷᠢ ᠬᠡᠷ ᠤᠨ ᠭᠠᠳᠠᠨ᠎ᠠ ᠠᠳᠠᠭ ᠲᠠᠭᠠᠨ 2 ᠴᠠᠭ ᠬᠥᠳᠡᠯᠭᠡᠭᠡᠨ ᠬᠢᠬᠦ ᠶᠢ ᠪᠠᠲᠤᠯᠠᠬᠤ ᠬᠡᠷᠡᠭᠲᠡᠶ᠃        ᠡᠭᠦᠨ ᠠᠴᠠ ᠭᠠᠳᠠᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠵᠠᠯᠠᠭᠤᠴᠤᠳ ᠪᠠᠭᠠᠴᠤᠳ ᠤᠨ ᠬᠠᠷᠠᠭ᠎ᠠ ᠶᠢ ᠬᠠᠮᠠᠭᠠᠯᠠᠬᠤ ᠪᠠ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠᠨ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠢ ᠲᠠᠰᠤᠷᠠᠯᠲᠠ ᠥᠬᠡᠶ ᠥᠷᠭᠡᠳᠭᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ ᠭᠡᠵᠦ ᠳᠠᠨᠢᠯᠴᠠᠭᠤᠯᠪᠠ᠃ ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号