| | ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ 6 | ᠳ᠋ᠤᠭᠠᠷ ᠰᠠᠷ᠎ᠠ ᠶᠢᠨ 9 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠠᠭᠤᠰᠤᠯᠴᠠᠨ ᠬᠥᠭᠵᠢᠬᠦ ᠶᠢ | ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠠᠷᠪᠠᠨ ᠳᠥᠷᠪᠡᠳᠦᠭᠡᠷ ᠤᠳᠠᠭ᠎ᠠ ᠶᠢᠨ ᠰᠤᠷᠤᠯᠴᠠᠯᠭ᠎ᠠ ᠶᠢ ᠶᠠᠪᠤᠭᠳᠠᠭᠤᠯᠪᠠ᠃ | | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ | ᠡᠷᠬᠢᠯᠡᠭᠴᠢ ᠯᠢᠦ ᠴᠢᠩ ᠲᠠᠶᠢᠯᠤᠮᠵᠢ ᠬᠢᠵᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ | ᠭᠦᠸᠧ ᠴᠢᠩ᠂ ᠯᠢᠦ ᠭᠦᠸᠧ ᠵᠦᠩ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | | | | | | | | | 6 ᠳ᠋ᠤᠭᠠᠷ ᠰᠠᠷ᠎ᠠ ᠶᠢᠨ 9 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠠᠭᠤᠰᠤᠯᠳᠤᠨ | ᠬᠥᠭᠵᠢᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠠᠷᠪᠠᠨ ᠳᠥᠷᠪᠡᠳᠦᠭᠡᠷ ᠤᠳᠠᠭ᠎ᠠ ᠶᠢᠨ ᠲᠤᠰᠬᠠᠢ ᠰᠡᠳᠦᠪᠲᠦ | ᠰᠤᠷᠤᠯᠴᠠᠯᠭ᠎ᠠ ᠶᠠᠪᠤᠭᠳᠠᠭᠤᠯᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ | ᠰᠤᠷᠤᠯᠴᠠᠯᠭ᠎ᠠ ᠶᠢ ᠡᠷᠬᠢᠯᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠱᠧᠨ ᠬᠤᠩ ᠰᠡᠭᠦᠳᠡᠷᠯᠡᠪᠡ | | | | ᠯᠢ ᠴᠢᠶᠠᠩ ᠵᠢᠭᠠᠵᠤ ᠭᠠᠷᠭᠠᠬᠤ ᠳᠤ ᠪᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ | ᠤᠯᠠᠷᠢᠭᠤᠯᠤᠯᠲᠠ ᠨᠢ ᠮᠡᠷᠭᠡᠵᠢᠯ ᠤᠨ ᠰᠤᠳᠤᠯᠭᠠᠨ ᠨᠡᠭᠡᠭᠡᠯᠲᠡ᠂ ᠢᠨᠵᠧᠨᠧᠷᠢᠩ ᠤᠨ ᠰᠢᠯᠭᠠᠨ ᠭᠡᠷᠡᠴᠢᠯᠡᠭᠡ ᠪᠠ ᠠᠵᠤ | ᠦᠢᠯᠡᠰᠵᠢᠭᠦᠯᠦᠯᠲᠡ᠂ ᠵᠠᠬ᠎ᠠ ᠳᠡᠯᠭᠡᠭᠦᠷᠴᠢᠯᠡᠯᠲᠡ ᠵᠡᠷᠭᠡ ᠠᠯᠢ ᠣᠯᠠᠨ ᠭᠤᠭᠴᠤᠭ᠎ᠠ ᠶᠢ ᠥᠩᠭᠡᠷᠡᠭᠡᠬᠦ ᠳᠤ᠂ ᠠᠯᠢ ᠨᠢᠭᠡ | ᠭᠤᠭᠴᠤᠭ᠎ᠠ ᠨᠢ ᠰᠠᠭᠠᠳ ᠲᠠᠢ ᠪᠠᠶᠢᠪᠠᠯ ᠴᠥᠮ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠨᠥᠯᠥᠭᠡᠯᠡᠨ᠎ᠡ᠂ | ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠤᠯᠠᠷᠢᠭᠤᠯᠤᠯᠲᠠ ᠳᠠᠬᠢ ᠰᠠᠭᠠᠳ ᠲᠦᠭᠵᠢᠷᠡᠯ ᠢ ᠬᠦᠴᠦᠯᠡᠨ ᠨᠡᠪᠲᠡᠷᠡᠭᠦᠯᠬᠦ ᠬᠡᠷᠡᠭᠲᠡᠢ᠃ ᠡᠬᠢ ᠡᠭᠦᠰᠦᠯ ᠳᠠᠬᠢ | ᠤᠯᠠᠷᠢᠭᠤᠯᠬᠤ ᠲᠠᠯ᠎ᠠ ᠪᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠨᠡᠭᠡᠭᠡᠯᠲᠡ ᠵᠢᠴᠢ ᠠᠵᠤ | ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠦᠨᠡᠯᠡᠯᠲᠡ ᠶᠢᠨ ᠲᠣᠭᠲᠠᠯᠴᠠᠭ᠎ᠠ ᠪᠠ ᠲᠣᠭᠲᠠᠴᠠ ᠶᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠤᠨ ᠦᠢᠯᠡᠴᠢᠯᠡᠬᠦ ᠵᠢᠩᠬᠢᠨᠢ ᠦᠷᠲᠡᠭ ᠢ ᠨᠡᠩ ᠴᠢᠬᠤᠯᠠᠴᠢᠯᠠᠵᠤ᠂ ᠠᠵᠤ ᠦᠢᠯᠡᠰ ᠤᠨ ᠬᠡᠷᠡᠭᠴᠡᠭᠡ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢᠨ ᠨᠡᠶᠢᠯᠡᠯᠳᠦᠬᠦ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠬᠦ | ᠬᠡᠷᠡᠭᠲᠡᠢ᠃ ᠤᠯᠠᠷᠢᠭᠤᠯᠤᠨ ᠵᠣᠯᠭᠠᠭᠤᠯᠬᠤ ᠲᠠᠯ᠎ᠠ ᠪᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ | ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠥᠬᠦᠴᠡᠯ ᠲᠠᠢ ᠠᠵᠤ ᠠᠬᠤᠶᠢᠯᠠᠯ ᠢ ᠳᠡᠮᠵᠢᠵᠦ ᠪᠠᠶᠢᠭᠠᠳ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠷᠦᠯ ᠵᠦᠢᠯ ᠢ ᠲᠦᠷᠦᠭᠦᠯᠡᠨ ᠬᠢᠯᠭᠡᠬᠦ | ᠪᠤᠶᠤ ᠲᠡᠭᠦᠨ ᠳᠤ ᠣᠷᠣᠯᠴᠠᠭᠤᠯᠵᠤ᠂ ᠠᠵᠤ ᠠᠬᠤᠶᠢᠯᠠᠯ ᠪᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠪᠠᠶᠢᠭᠤᠯᠤᠮᠵᠢ ᠶᠢᠨ ᠨᠢᠭᠲᠠ ᠬᠠᠮᠲᠤᠷᠠᠯᠴᠠᠬᠤ ᠶᠢ ᠬᠥᠲᠥᠯᠥᠨ ᠵᠢᠯᠤᠭᠤᠳᠴᠤ᠂ ᠠᠵᠤ ᠦᠢᠯᠡᠰ ᠤᠨ | ᠤᠷᠢᠳᠠᠯᠲᠤ ᠪᠠᠶᠢᠳᠠᠯ ᠳᠤ ᠬᠠᠨᠳᠤᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠠᠭᠤᠳᠠᠯ ᠢ ᠬᠠᠮᠲᠤ ᠪᠠᠷ | ᠪᠣᠯᠪᠠᠰᠤᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠣᠭᠤᠮᠲᠠ ᠰᠢᠪᠲᠤᠯᠬᠤ ᠠᠵᠢᠯ ᠢ ᠬᠠᠮᠲᠤᠷᠠᠨ ᠥᠷᠨᠢᠭᠦᠯᠬᠦ | ᠬᠡᠷᠡᠭᠲᠡᠢ᠃ ᠤᠯᠠᠷᠢᠭᠤᠯᠤᠨ ᠬᠡᠷᠡᠭᠯᠡᠬᠦ ᠲᠠᠯ᠎ᠠ ᠪᠠᠷ᠂ ᠠᠩᠬᠠᠳᠠᠭᠴᠢ ᠮᠡᠷᠭᠡᠵᠢᠯ ᠪᠦᠲᠦᠭᠡᠯ ᠵᠡᠷᠭᠡ ᠲᠠᠯ᠎ᠠ ᠶᠢᠨ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠵᠦ᠂ ᠪᠡᠶ᠎ᠡ ᠪᠠᠨ ᠳᠠᠭᠠᠭᠠᠵᠤ ᠪᠣᠭᠤᠮᠲᠠ ᠰᠢᠪᠲᠤᠯᠬᠤ ᠮᠡᠷᠭᠡᠵᠢᠯ ᠪᠠ ᠦᠢᠯᠡᠳᠬᠦᠨ ᠢ | ᠬᠡᠪᠴᠢᠶᠡᠵᠢᠭᠦᠯᠦᠨ ᠬᠡᠷᠡᠭᠯᠡᠬᠦ ᠳᠤ ᠪᠠᠨ ᠲᠠᠰᠤᠷᠠᠯᠲᠠ ᠦᠭᠡᠢ ᠳᠠᠪᠬᠤᠴᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ | ᠭᠡᠵᠡᠢ᠃ | ᠯᠢ ᠴᠢᠶᠠᠩ ᠴᠢᠬᠤᠯᠠᠴᠢᠯᠠᠬᠤ ᠳᠤ ᠪᠠᠨ᠂ ᠪᠦᠲᠦᠮᠵᠢᠲᠡᠢ ᠵᠠᠬ᠎ᠠ ᠳᠡᠯᠭᠡᠭᠦᠷ ᠪᠠ ᠴᠢᠷᠮᠠᠶᠢᠯᠭ᠎ᠠ ᠲᠠᠢ ᠵᠠᠰᠠᠭ ᠤᠨ | ᠣᠷᠳᠣᠨ ᠢ ᠤᠶᠠᠯᠳᠤᠭᠤᠯᠬᠤ ᠪᠠᠨ ᠪᠠᠷᠢᠮᠲᠠᠯᠠᠵᠤ᠂ ᠳᠡᠮᠵᠢᠬᠦ ᠲᠦᠷᠦ ᠶᠢᠨ ᠪᠣᠳᠣᠯᠭ᠎ᠠ ᠪᠠ ᠵᠠᠬ᠎ᠠ ᠳᠡᠯᠭᠡᠭᠦᠷ ᠤᠨ | ᠦᠢᠯᠡᠴᠢᠯᠡᠭᠡ ᠶᠢ ᠲᠡᠭᠦᠯᠳᠡᠷᠵᠢᠭᠦᠯᠵᠦ᠂ ᠥᠨᠳᠥᠷ ᠪᠦᠲᠦᠮᠵᠢᠲᠡᠢ ᠬᠠᠮᠵᠢᠯᠴᠠᠭᠰᠠᠨ᠂ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠦᠷ᠎ᠡ ᠪᠦᠲᠦᠭᠡᠯ ᠤᠯᠠᠷᠢᠭᠤᠯᠬᠤ ᠲᠣᠭᠲᠠᠯᠴᠠᠭ᠎ᠠ ᠶᠢ ᠪᠦᠷᠢᠯᠳᠦᠭᠦᠯᠬᠦ ᠬᠡᠷᠡᠭᠲᠡᠢ᠃ ᠤᠷᠮᠠᠰᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠯᠠᠷᠢᠭᠤᠯᠬᠤ ᠵᠢᠮ᠎ᠡ ᠶᠣᠰᠣ ᠶᠢ | ᠵᠢᠷᠤᠮᠯᠠᠵᠤ᠂ ᠲᠤᠰᠢᠶᠠᠯ ᠤᠨ ᠬᠤᠭᠤᠴᠠᠭᠠᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ | ᠡᠷᠬᠡ ᠣᠯᠭᠤᠬᠤ ᠪᠠ ᠡᠳ᠋ ᠬᠥᠷᠥᠩᠭᠡ ᠶᠢ ᠠᠰ ᠲᠤ ᠨᠢ ᠵᠢᠭᠰᠠᠭᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ | ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠨᠡᠩ ᠰᠠᠶᠢᠲᠤᠷ ᠬᠥᠭᠵᠢᠭᠡᠬᠦ ᠬᠡᠷᠡᠭᠲᠡᠢ᠃ ᠪᠡᠯᠡ ᠮᠥᠩᠭᠦᠨ ᠤ ᠳᠡᠮᠵᠢᠯᠭᠡ ᠪᠠᠨ | ᠨᠡᠮᠡᠭᠳᠡᠭᠦᠯᠵᠦ᠂ ᠰᠡᠳᠬᠢᠮᠵᠢ ᠪᠠᠨ ᠤᠯᠠᠮ ᠨᠢᠭᠡ ᠠᠯᠬᠤᠮ ᠥᠷᠭᠡᠳᠬᠡᠵᠦ᠂ ᠵᠠᠬ᠎ᠠ ᠳᠡᠯᠭᠡᠭᠦᠷ ᠤᠨ ᠬᠦᠴᠦᠨ ᠢ ᠨᠡᠩ ᠢᠯᠡᠭᠦᠦ | ᠬᠡᠷᠡᠭᠯᠡᠵᠦ᠂ ᠨᠡᠶᠢᠭᠡᠮ ᠤᠨ ᠬᠥᠷᠥᠩᠭᠡ ᠶᠢ ᠲᠠᠲᠠᠵᠤ ᠣᠷᠣᠭᠤᠯᠤᠯᠲᠠ ᠶᠢ ᠨᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ | ᠡᠭᠦᠳᠬᠦ ᠶᠢ ᠨᠢ ᠵᠣᠷᠢᠭᠵᠢᠭᠤᠯᠵᠤ᠂ ᠤᠯᠠᠨ ᠲᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠬᠥᠭᠵᠢᠭᠦᠯᠵᠦ᠂ | ᠤᠯᠠᠨ ᠡᠰᠢᠴᠢᠯᠡᠭᠰᠡᠨ ᠪᠡᠯᠡ ᠲᠣᠬᠢᠷᠠᠭᠤᠯᠬᠤ ᠠᠷᠭ᠎ᠠ ᠵᠠᠮ ᠢ ᠬᠠᠩᠭᠠᠬᠤ ᠬᠡᠷᠡᠭᠲᠡᠢ᠃ ᠤᠯᠠᠨ ᠨᠡᠶᠢᠲᠡ ᠶᠢᠨ ᠦᠢᠯᠡᠴᠢᠯᠡᠭᠡ ᠶᠢ | ᠴᠢᠩᠭᠠᠳᠬᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠢ ᠲᠥᠯᠥᠪᠵᠢᠭᠦᠯᠬᠦ᠂ ᠬᠥᠲᠥᠯᠥᠨ ᠵᠢᠯᠣᠭᠤᠳᠬᠤ ᠪᠠ ᠲᠡᠮᠵᠢᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠳᠤ ᠪᠦᠬᠦ ᠲᠠᠯ᠎ᠠ ᠶᠢᠨ ᠦᠢᠯᠡᠴᠢᠯᠡᠭᠡ | ᠬᠠᠩᠭᠠᠬᠤ ᠬᠡᠷᠡᠭᠲᠡᠢ ᠭᠡᠵᠡᠢ᠃ | | |