ᠰᠢ ᠶᠢᠨ ᠫᠢᠩ ᠺᠤᠷᠢᠶᠠ ᠶᠢᠨ ᠶᠡᠷᠦᠩᠬᠡᠶᠢᠯᠡᠭᠴᠢ ᠯᠢ ᠽᠠᠢ ᠮᠢᠩ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2025/6/11
            ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 10 ᠤ ᠴᠠᠭᠢᠯᠭᠠᠨ ᠮᠡᠳᠡᠭᠡ 6 ᠰᠠᠷ᠎ᠠ ᠶᠢᠨ 10 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠤᠷᠢᠶᠠ ᠶᠢᠨ ᠶᠡᠷᠦᠩᠬᠡᠶᠢᠯᠡᠭᠴᠢ ᠯᠢ ᠽᠠᠢ ᠮᠢᠩ ᠲᠠᠢ ᠤᠲᠠᠰᠤ ᠪᠠᠷ ᠶᠠᠷᠢᠯᠴᠠᠪᠠ᠃       ᠰᠢ ᠶᠢᠨ ᠫᠢᠩ ᠯᠢ ᠽᠠᠢ ᠮᠢᠩ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠳᠠᠬᠢᠨᠲᠠ ᠪᠠᠶᠠᠷ ᠬᠦᠷᠭᠡᠪᠡ᠃ ᠰᠢ ᠶᠢᠨ ᠫᠢᠩ᠂ ᠳᠤᠮᠳᠠᠳᠤ ᠺᠤᠷᠢᠶᠠ ᠪᠣᠯ ᠰᠢᠯᠵᠢᠰᠢ ᠦᠭᠡᠢ ᠬᠥᠷᠰᠢ ᠤᠯᠤᠰ ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 33 ᠵᠢᠯ ᠤᠨ ᠲᠤᠷᠰᠢ ᠬᠤᠶᠠᠷ ᠤᠯᠤᠰ ᠢᠶᠠᠷ ᠢᠶᠠᠨ ᠦᠵᠡᠯ ᠤᠬᠠᠮᠰᠠᠷ ᠤᠨ ᠭᠡᠯᠪᠡᠷᠢ ᠪᠣᠯᠣᠨ ᠨᠡᠶᠢᠭᠡᠮ ᠤᠨ ᠪᠠᠶᠢᠭᠤᠯᠤᠯ ᠤᠨ ᠵᠥᠷᠢᠶ᠎ᠡ ᠶᠢ ᠳᠠᠪᠠᠵᠤ᠂ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ ᠂ ᠬᠠᠷᠢᠯᠴᠠᠨ ᠠᠮᠵᠢᠯᠲᠠ ᠣᠯᠬᠤ ᠪᠠ ᠬᠠᠮᠲᠤ ᠪᠠᠷ ᠬᠥᠭᠵᠢᠬᠦ ᠶᠢ ᠪᠡᠶᠡᠯᠡᠭᠦᠯᠪᠡ᠃ ᠡᠷᠡᠭᠦᠯ ᠪᠥᠭᠡᠳ ᠲᠣᠭᠲᠠᠭᠤᠨ᠂ ᠦᠷᠭᠦᠯᠵᠢᠯᠡᠨ ᠭᠦᠨᠵᠡᠭᠡᠶᠢᠷᠡᠭᠰᠡᠨ ᠳᠤᠮᠳᠠᠳᠤ ᠺᠤᠷᠢᠶᠠ ᠶᠢᠨ ᠬᠠᠷᠢᠯᠴᠠᠭ᠎ᠠ ᠨᠢ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠵᠣᠬᠢᠴᠠᠵᠤ᠂ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠪᠣᠯᠣᠨ ᠬᠥᠭᠵᠢᠯ ᠴᠡᠴᠡᠭᠯᠡᠯ ᠳᠤ ᠠᠰᠢᠭᠲᠠᠢ ᠶᠤᠮ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠳᠤᠮᠳᠠᠳᠤ ᠺᠤᠷᠢᠶᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠲᠤ ᠰᠠᠬᠢᠵᠤ᠂ ᠡᠶᠡᠯᠳᠡᠭ ᠬᠥᠷᠰᠢ ᠶᠢᠨ ᠨᠥᠭᠦᠷᠰᠡᠭ ᠪᠠᠶᠢᠬᠤ ᠴᠢᠭᠯᠡᠯ ᠢᠶᠠᠨ ᠪᠠᠲᠤᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠷᠠᠯᠲᠠ ᠪᠠᠨ ᠪᠠᠷᠢᠮᠲᠠᠯᠠᠵᠤ᠂ ᠳᠤᠮᠳᠠᠳᠤ ᠺᠤᠷᠢᠶᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠨᠡᠩ ᠥᠨᠳᠥᠷ ᠲᠦᠪᠰᠢᠨ ᠲᠡᠶᠢᠰᠢ ᠳᠠᠪᠰᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠵᠢᠷᠭᠠᠯ ᠠᠪᠴᠢᠷᠠᠵᠤ᠂ ᠦᠢᠮᠡᠭᠡᠨ ᠳᠡᠪᠵᠢᠶᠡᠨ ᠰᠣᠯᠪᠢᠴᠠᠭᠰᠠᠨ ᠭᠠᠵᠠᠷ ᠣᠷᠣᠨ ᠪᠣᠯᠣᠨ ᠳᠡᠯᠡᠬᠡᠢ ᠶᠢᠨ ᠪᠠᠶᠢᠳᠠᠯ ᠳᠤ ᠨᠡᠩ ᠤᠯᠠᠨ ᠲᠣᠬᠲᠠᠭᠠᠯᠲᠤ ᠴᠢᠨᠠᠷ ᠢ ᠨᠡᠮᠡᠷᠢᠯᠡᠪᠡᠯ ᠵᠣᠬᠢᠨ᠎ᠠ᠃ ᠡᠯ᠎ᠡ ᠱᠠᠲᠤ ᠳᠠᠪᠬᠤᠷᠭ᠎ᠠ ᠡᠯ᠎ᠡ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠤᠶ᠎ᠡ︔ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠣᠯᠣᠨ ᠤᠯᠠᠨ ᠲᠠᠯ᠎ᠠ ᠶᠢᠨ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶ᠎ᠠ ᠶᠢ ᠬᠠᠮᠲᠤ ᠪᠠᠷ ᠬᠠᠮᠠᠭᠠᠯᠠᠵᠤ᠂ ᠪᠦᠭᠦ ᠪᠥᠮᠪᠥᠷᠴᠡᠭ ᠪᠣᠯᠣᠨ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠪᠠᠲᠤᠯᠠᠶ᠎ᠠ︔ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠳᠤᠮᠳᠠᠳᠤ ᠺᠤᠷᠢᠶᠠ ᠶᠢᠨ ᠨᠥᠬᠦᠷᠯᠡᠯ ᠢ ᠬᠤᠶᠠᠷ ᠤᠯᠤᠰ ᠤᠨ ᠠᠷᠠᠳ ᠲᠦᠮᠡᠨ ᠤ ᠰᠡᠳᠬᠢᠯ ᠳᠤ ᠦᠨᠳᠦᠰᠦᠯᠡᠭᠦᠯᠤᠶ᠎ᠡ︔ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠴᠢᠬᠤᠯᠠ ᠶᠡᠭᠡ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠭᠦᠨᠳᠦᠳᠭᠡᠵᠦ᠂ ᠬᠤᠶᠠᠷ ᠲᠠᠯ᠎ᠠ ᠶᠢᠨ ᠬᠠᠷᠢᠯᠴᠠᠭᠠᠨ ᠤ ᠶᠡᠭᠡ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠺᠤᠷᠢᠶᠠ ᠶᠢᠨ ᠬᠠᠷᠢᠯᠴᠠᠭ᠎ᠠ ᠶᠢᠨ ᠢᠮᠠᠭᠲᠠ ᠵᠥᠪ ᠵᠠᠮ ᠢᠶᠠᠷ ᠤᠷᠤᠭᠰᠢ ᠬᠥᠭᠵᠢᠬᠦ ᠶᠢ ᠪᠠᠲᠤᠯᠠᠶ᠎ᠠ ᠭᠡᠵᠦ ᠴᠢᠬᠤᠯᠠᠴᠢᠯᠠᠪᠠ᠃       ᠯᠢ ᠽᠠᠢ ᠮᠢᠩ ᠡᠭᠦᠨ ᠢ ᠰᠠᠶᠢᠰᠢᠶᠠᠨ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠺᠤᠷᠢᠶᠠ ᠳᠤᠮᠳᠠᠳᠤ ᠶᠢᠨ ᠭᠠᠵᠠᠷ ᠵᠦᠢ ᠶᠢᠨ ᠪᠠᠶᠢᠷᠢᠯᠠᠯ ᠣᠶᠢᠷᠠᠯᠴᠠᠭ᠎ᠠ᠂ ᠬᠤᠶᠠᠷ ᠲᠠᠯ᠎ᠠ ᠶᠢᠨ ᠶᠠᠪᠤᠯᠴᠠᠭ᠎ᠠ ᠥᠨᠢ ᠤᠳᠠᠭᠠᠨ ᠲᠡᠦᠬᠡ ᠲᠠᠢ᠂ ᠠᠵᠤ ᠠᠬᠤᠢ ᠠᠷᠠᠯᠵᠢᠶ᠎ᠠ᠂ ᠰᠣᠶᠣᠯ ᠤᠨ ᠬᠠᠷᠢᠯᠴᠠᠭ᠎ᠠ ᠨᠢᠭᠲᠠ ᠶᠤᠮ᠃ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠬᠥᠭᠵᠢᠯᠲᠡ ᠶᠢᠨ ᠲᠠᠯ᠎ᠠ ᠪᠠᠷ ᠠᠭᠤᠤ ᠶᠡᠭᠡ ᠠᠮᠵᠢᠯᠲᠠ ᠪᠦᠳᠦᠮᠵᠢ ᠣᠯᠣᠭᠰᠠᠨ ᠨᠢ ᠬᠥᠮᠥᠰ ᠢ ᠪᠢᠰᠢᠷᠡᠭᠦᠯᠦᠨ᠎ᠡ᠃ ᠪᠢ ᠺᠤᠷᠢᠶᠠ ᠳᠤᠮᠳᠠᠳᠤ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠬᠤᠶᠠᠷ ᠲᠠᠯ᠎ᠠ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠬᠤᠭᠤᠷᠣᠨᠳᠣᠭᠢ ᠬᠠᠶᠢᠷ᠎ᠠ ᠰᠡᠳᠬᠢᠯᠭᠡ ᠶᠢ ᠰᠠᠶᠢᠵᠢᠷᠠᠭᠤᠯᠤᠨ ᠵᠤᠵᠠᠭᠠᠳᠬᠠᠵᠤ᠂ ᠺᠤᠷᠢᠶᠠ ᠳᠤᠮᠳᠠᠳᠤ ᠶᠢᠨ ᠬᠠᠮᠲᠤᠷᠠᠯᠴᠠᠭ᠎ᠠ ᠳᠤ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号