ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠱᠸᠡᠭᠯᠢ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠡᠷᠡᠬᠦᠯ ᠮᠡᠨᠳᠤ ᠶᠢᠨ ᠪᠡᠶ᠎ᠡ ᠪᠠᠶᠢᠴᠠᠭᠠᠬᠤ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2025/6/11
        ᠤᠯᠤᠰ ᠤᠨ ︽ᠪᠡᠶ᠎ᠡ ᠶᠢᠨ ᠬᠦᠨᠳᠤ ᠶᠢᠨ ᠬᠠᠮᠢᠶᠠᠷᠦᠯᠳᠡ ᠶᠢᠨ ᠤᠨ︾ ᠤ ᠠᠵᠢᠯᠯᠠᠭ᠎ᠠ ᠶᠢᠨ ᠤᠷᠢᠶᠠᠯᠠᠭ᠎ᠠ ᠶᠢ ᠢᠳᠡᠪᠬᠢᠳᠡᠢ ᠴᠤᠤᠷᠢᠶᠠᠳᠤᠨ ᠲᠠᠭᠠᠵᠦ᠂ ᠬᠠᠷᠢᠶᠠᠳᠤ ᠤᠷᠤᠨ ᠤ ᠰᠠᠭᠤᠭᠠᠯᠢ ᠠᠷᠠᠳ ᠤᠨ ᠡᠷᠡᠬᠦᠯ ᠮᠡᠨᠳᠤ ᠶᠢᠨ ᠤᠬᠠᠮᠰᠠᠷ ᠢ ᠲᠡᠭᠡᠭᠰᠢᠯᠡᠬᠦᠯᠦᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠶᠢᠨ ᠬᠦᠨᠳᠤ ᠪᠠᠨ ᠬᠠᠮᠢᠶᠠᠷᠬᠤ ᠮᠡᠳᠡᠯᠬᠡ ᠶᠢ ᠲᠦᠬᠡᠮᠡᠯᠵᠢᠬᠦᠯᠬᠦ ᠶᠢᠨ ᠲᠦᠯᠦᠬᠡ᠂ ᠤᠶᠢᠷ᠎ᠠ ᠳᠤ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠱᠸᠡᠭᠯᠢ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠨᠢ ᠬᠤᠳᠠ ᠶᠢᠨ ᠲᠡᠬᠦᠷᠭᠡ ᠵᠡᠬᠡᠯᠢ ᠶᠢᠨ ᠬᠤᠩ ᠯᠢᠶᠠᠨ ᠨᠡᠶᠢᠬᠡᠮ ᠲᠤᠭᠤᠷᠢᠭ ᠲᠤ ᠬᠦᠨᠵᠡᠬᠡᠶᠢᠷᠡᠨ᠂ ᠭᠤᠤᠯ ᠰᠡᠳᠤᠪᠳᠤ ᠡᠷᠡᠬᠦᠯ ᠮᠡᠨᠳᠤ ᠶᠢᠨ ᠪᠡᠶ᠎ᠡ ᠪᠠᠶᠢᠴᠠᠭᠠᠬᠤ ᠠᠵᠢᠯᠯᠠᠭ᠎ᠠ ᠦᠷᠨᠢᠬᠦᠯᠪᠡ᠃        ᠬᠤᠩ ᠯᠢᠶᠠᠨ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠯᠢᠤ ᠭᠦᠢ ᠵᠢᠶᠧ᠄ ︽ᠮᠢᠨᠦ ᠨᠠᠰᠦ ᠠᠬᠢᠵᠦ ᠪᠠᠶᠢᠬᠤ ᠪᠤᠯᠬᠤᠷ ᠪᠡᠶ᠎ᠡ ᠶᠢᠨ ᠬᠦᠨᠳᠤ ᠪᠠᠨ ᠰᠠᠶᠢᠳᠦᠷ ᠡᠵᠡᠮᠳᠡᠬᠦ ᠦᠬᠡᠢ ᠪᠤᠯ ᠤᠯᠠᠨ ᠠᠷᠬᠠᠭ ᠡᠪᠡᠳᠴᠢᠨ ᠡᠬᠦᠰᠬᠦ ᠲᠦᠭᠰᠢᠬᠦᠷᠢ ᠶᠢ ᠨᠡᠮᠡᠭᠳᠡᠬᠦᠯᠳᠡᠭ᠃ ᠦᠨᠦᠳᠦᠷ ᠡᠮᠴᠢ ᠪᠢᠳᠡᠨ ᠳᠤ ᠰᠦᠢᠳᠬᠡᠯ ᠬᠤᠷᠢᠶᠠᠬᠤ ᠦᠬᠡᠢ ᠪᠠᠷ ᠠᠯᠪᠠᠨ ᠵᠢᠷᠦᠮ ᠤᠨ ᠡᠮᠴᠢᠯᠡᠭᠡ ᠬᠢᠵᠦ ᠦᠭᠬᠦᠭᠰᠡᠨ ᠪᠦᠭᠡᠳ ᠪᠠᠰᠠ ᠢᠳᠡᠬᠡᠨ ᠤᠮᠳᠠᠭᠠᠨ ᠢᠶᠠᠨ ᠲᠤᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠪᠤᠯᠪᠠᠰᠦᠷᠠᠭᠤᠯᠬᠤ ᠰᠠᠨᠠᠭᠤᠯᠭ᠎ᠠ ᠲᠤᠷᠠᠳᠴᠦ ᠦᠭᠴᠡᠢ︾ ᠬᠡᠵᠦ ᠶᠠᠷᠢᠵᠦ ᠪᠠᠶᠢᠯ᠎ᠠ᠃        ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠵᠢᠯᠳᠠᠳ ᠠᠰᠠᠭᠤᠨ ᠯᠠᠪᠯᠠᠯᠳᠠ ᠶᠢᠨ ᠲᠠᠶᠢᠰᠠ ᠲᠤᠬᠢᠷᠠᠭᠤᠯᠬᠤ᠂ ᠴᠢᠰᠦᠨ ᠲᠠᠷᠦᠯᠳᠠ ᠴᠢᠰᠦᠨ ᠰᠢᠬᠢᠷ ᠢ ᠰᠦᠢᠳᠬᠡᠯ ᠬᠤᠷᠢᠶᠠᠬᠤ ᠦᠬᠡᠢ ᠪᠠᠷ ᠪᠠᠶᠢᠴᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠪᠠᠷ ᠬᠠᠷᠢᠶᠠᠳᠤ ᠤᠷᠤᠨ ᠤ ᠰᠠᠭᠤᠭᠠᠯᠢ ᠠᠷᠠᠳ ᠲᠤ ᠠᠷᠬᠠᠭ ᠡᠪᠡᠳᠴᠢᠨ ᠢ ᠰᠡᠷᠬᠡᠶᠢᠯᠡᠨ ᠡᠵᠡᠮᠳᠡᠬᠦ ᠪᠠ ᠪᠡᠶ᠎ᠡ ᠶᠢᠨ ᠬᠦᠨᠳᠤ ᠶᠢᠨ ᠬᠠᠮᠢᠶᠠᠷᠦᠯᠳᠠ ᠶᠢᠨ ᠲᠤᠬᠠᠢ ᠮᠡᠳᠡᠯᠬᠡ ᠶᠢ ᠲᠦᠬᠡᠮᠡᠯᠵᠢᠬᠦᠯᠵᠡᠢ᠃ ᠡᠬᠦᠨ ᠤ ᠬᠠᠮᠳᠤ᠂ ᠪᠠᠰᠠ ᠪᠡᠶ᠎ᠡ ᠶᠢᠨ ᠬᠦᠨᠳᠤ ᠶᠢᠨ ᠵᠢᠭᠠᠯᠳᠠ ᠲᠤᠭ᠎ᠠ ᠶᠢᠨ ᠡᠷᠬᠢᠯᠳᠦᠬᠦᠷ᠂ ᠢᠳᠡᠬᠡᠨ ᠤᠮᠳᠠᠭᠠᠨ ᠤ ᠵᠢᠵᠢᠭ ᠰᠤᠪᠤᠷᠭ᠎ᠠ ᠵᠡᠷᠭᠡ ᠪᠠᠭᠠᠵᠢ ᠬᠡᠷᠡᠭᠰᠡᠯ ᠳᠤ ᠲᠦᠰᠢᠭᠯᠡᠨ᠂ ᠰᠠᠭᠤᠭᠠᠯᠢ ᠠᠷᠠᠳ ᠲᠤ ᠢᠳᠡᠬᠡᠨ ᠤᠮᠳᠠᠭᠠᠨ ᠢᠶᠠᠨ ᠲᠤᠬᠢᠷᠠᠭᠤᠯᠬᠤ᠂ ᠪᠡᠶ᠎ᠡ ᠮᠠᠬᠠᠪᠦᠳ ᠢᠶᠠᠨ ᠴᠢᠬᠢᠷᠠᠬᠵᠢᠭᠤᠯᠬᠤ᠂ ᠤᠷᠮ᠎ᠠ ᠰᠡᠳᠬᠢᠯᠬᠡ ᠶᠢᠨ ᠬᠠᠮᠢᠶᠠᠷᠦᠯᠳᠠ ᠵᠡᠷᠭᠡ ᠲᠠᠯ᠎ᠠ ᠪᠠᠷ ᠤᠷᠤᠰᠢᠵᠦ ᠪᠠᠶᠢᠭ᠎ᠠ ᠲᠦᠭᠡᠷᠢᠭᠳᠡᠯ ᠳᠤ ᠴᠢᠭᠯᠡᠬᠦᠯᠦᠨ᠂ ᠲᠤᠰᠬᠠᠢ ᠮᠡᠷᠬᠡᠵᠢᠯ ᠤᠨ ᠰᠠᠨᠠᠭᠤᠯᠭ᠎ᠠ ᠪᠠ ᠰᠶᠢᠳᠪᠦᠷᠢᠯᠡᠬᠦ ᠲᠦᠰᠦᠪ ᠦᠭᠴᠦ᠂ ᠰᠠᠭᠤᠭᠠᠯᠢ ᠠᠷᠠᠳ ᠤᠨ ᠰᠢᠨᠵᠢᠯᠡᠬᠦ ᠤᠬᠠᠭᠠᠨᠴᠢ ᠡᠷᠡᠬᠦᠯ ᠴᠢᠬᠢᠷᠠᠭ ᠠᠮᠢᠳᠦᠷᠠᠯ ᠤᠨ ᠠᠷᠭ᠎ᠠ ᠮᠠᠶ᠋ᠢᠭ ᠲᠠᠢ ᠪᠤᠯᠬᠤ ᠶᠢ ᠰᠠᠨᠠᠭᠠᠴᠢᠯᠠᠵᠠᠢ᠃        ᠲᠤᠰ ᠤᠳᠠᠭᠠᠨ ᠤ ᠠᠵᠢᠯᠯᠠᠭ᠎ᠠ ᠳᠤ 100 ᠭᠠᠷᠦᠢ ᠬᠦᠮᠦᠨ ᠤᠷᠤᠯᠴᠠᠵᠦ᠂ 500 ᠭᠠᠷᠦᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃ ᠤᠯᠠᠨ ᠡᠰᠢᠵᠢᠭᠰᠡᠨ ᠡᠷᠡᠬᠦᠯ ᠮᠡᠨᠳᠤ ᠶᠢᠨ ᠮᠡᠳᠡᠯᠬᠡ ᠶᠢ ᠲᠦᠬᠡᠮᠡᠯᠵᠢᠬᠦᠯᠬᠦ ᠪᠠᠷ ᠲᠠᠮᠵᠢᠭᠤᠯᠤᠨ ᠰᠠᠭᠤᠭᠠᠯᠢ ᠠᠷᠠᠳ ᠤᠨ ᠪᠡᠶ᠎ᠡ ᠶᠢᠨ ᠬᠦᠨᠳᠤ ᠪᠠᠨ ᠬᠠᠮᠢᠶᠠᠷᠬᠤ ᠤᠬᠠᠮᠰᠠᠷ ᠪᠠ ᠴᠢᠳᠠᠪᠦᠷᠢ ᠶᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠡᠷᠡᠬᠦᠯ ᠡᠩᠬᠡ ᠲᠤᠮᠳᠠᠳᠤ ᠤᠯᠤᠰ ᠤᠨ ᠪᠠᠶᠢᠭᠤᠯᠤᠯᠳᠠ ᠶᠢ ᠠᠬᠢᠭᠤᠯᠬᠤ ᠳᠤ ᠪᠠᠳᠦ ᠴᠢᠩᠭ᠎ᠠ ᠬᠦᠳᠡᠯᠭᠡᠭᠴᠢ ᠬᠦᠴᠦᠨ ᠤᠯᠭᠤᠵᠠᠢ᠃        ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠱᠸᠡᠭᠯᠢ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠶᠢᠨ ᠡᠷᠡᠬᠦᠯ ᠮᠡᠨᠳᠤ ᠶᠢᠨ ᠬᠦᠮᠦᠵᠢᠯ ᠤᠨ ᠬᠠᠷᠢᠭᠤᠴᠠᠯᠭᠠᠳᠠᠨ ᠠᠷᠢᠭᠤᠨ᠄ ︽ᠲᠠᠷᠠᠭᠠᠴᠢ ᠪᠠᠷ᠂ ᠱᠸᠡᠭᠯᠢ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠪᠡᠶ᠎ᠡ ᠶᠢᠨ ᠬᠦᠨᠳᠤ ᠶᠢᠨ ᠬᠠᠮᠢᠶᠠᠷᠦᠯᠳᠠ ᠶᠢᠨ ᠬᠠᠮᠢᠶ᠎ᠠ ᠪᠦᠬᠦᠢ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠰᠢᠨᠵᠢᠯᠡᠬᠦ ᠤᠬᠠᠭᠠᠴᠢ ᠪᠠᠷ ᠬᠤᠭᠤᠯᠠᠯᠠᠬᠤ᠂ ᠪᠡᠶ᠎ᠡ ᠮᠠᠬᠠᠪᠦᠳ ᠢᠶᠠᠨ ᠢᠳᠡᠪᠬᠢᠳᠡᠢ ᠪᠤᠯᠪᠠᠰᠦᠷᠠᠬᠤ ᠵᠡᠷᠭᠡ ᠡᠷᠡᠬᠦᠯ ᠴᠢᠬᠢᠷᠠᠭ ᠠᠮᠢᠳᠦᠷᠠᠯ ᠤᠨ ᠠᠷᠭ᠎ᠠ ᠮᠠᠶ᠋ᠢᠭ ᠢ ᠤᠯᠠᠨ ᠲᠦᠮᠡᠨ ᠳᠤ ᠮᠡᠳᠡᠬᠦᠯᠵᠦ᠂ ᠰᠠᠭᠤᠭᠠᠯᠢ ᠠᠷᠠᠳ ᠤᠨ ᠰᠢᠯᠢᠳᠡᠭ ᠠᠮᠢᠳᠦᠷᠠᠯ ᠤᠨ ᠲᠠᠳᠬᠠᠯ ᠲᠠᠢ ᠪᠤᠯᠬᠤ ᠶᠢ ᠠᠬᠢᠭᠤᠯᠬᠤ ᠪᠤᠯᠤᠨ᠎ᠠ︾ ᠬᠡᠵᠦ ᠶᠠᠷᠢᠵᠦ ᠪᠠᠶᠢᠯ᠎ᠠ᠃ ᠠᠷᠢᠭᠤᠨ ᠳ᠋ᠦᠩ ᠯᠢᠨ ᠮᠡᠳᠡᠬᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号