ᠰᠦᠬᠡ ᠢᠦᠢ ᠵᠢᠢ ᠱᠦᠨ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠸᠠᠩ ᠬᠤᠩ ᠶᠤᠸᠠᠨ ᠲᠠᠢ ᠶᠠᠷᠢᠯᠴᠠᠬᠤ ᠬᠤᠷᠠᠯ ᠬᠢᠵᠠᠢ
ᠨᠡᠶᠢᠲᠡᠯᠡᠭᠰᠡᠨ ᠴᠠᠭ᠄
2025/6/12
       6 ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠪᠣᠯᠤᠨ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠸᠠᠩ ᠬᠤᠩ ᠶᠤᠸᠠᠨ ᠬᠤᠷᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠠᠯ ᠢ ᠡᠷᠭᠢᠯᠡᠪᠡ᠃       ᠰᠦᠬᠡ ᠸᠠᠩ ᠬᠤᠩ ᠶᠤᠸᠠᠨ ᠨᠡᠷ ᠢ ᠪᠠᠶᠠᠷᠯᠠᠨ ᠤᠭᠲᠤᠬᠤ ᠶᠢᠨ ᠬᠠᠮᠳᠥ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠶᠢᠨ ᠬᠢᠩᠭᠠᠨ ᠠᠶᠢᠮᠠᠭ ᠤᠨ ᠬᠥᠭᠵᠢᠯᠲᠡ ᠳᠤ ᠦᠵᠡᠭᠦᠯᠦᠭᠰᠡᠨ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠰᠦᠬᠡ ᠬᠡᠯᠡᠭᠰᠡᠨ ᠨᠢ᠂ ᠣᠷᠳᠣ ᠬᠤᠭᠤᠴᠠᠭᠠᠨ ᠤ ᠲᠤᠷᠰᠢ᠂ ᠰᠤᠷᠭᠠᠭᠤᠯᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠨᠢᠭᠲᠠ ᠬᠠᠷᠢᠯᠴᠠᠵᠤ᠂ ᠥᠷᠭᠡᠨ ᠳᠡᠯᠭᠡᠷ ᠰᠣᠯᠢᠯᠴᠠᠭ᠎ᠠ ᠬᠢᠵᠦ᠂ ᠰᠠᠭᠤᠷᠢ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂ ᠠᠮᠢ ᠠᠬᠤᠶ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ᠂ ᠠᠵᠤ ᠦᠢᠯᠡᠰ ᠢ ᠬᠦᠭᠵᠢᠭᠦᠯᠬᠦ᠂ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠶᠢ ᠭᠤᠶᠤᠴᠢᠯᠠᠨ ᠡᠷᠭᠢᠯᠡᠬᠦ ᠳᠤ ᠬᠦᠴᠦᠨ ᠨᠡᠮᠡᠷᠢᠯᠡᠬᠦ ᠵᠡᠷᠭᠡ ᠬᠦᠷᠢᠶᠡᠨ ᠳᠤ ᠪᠣᠳᠠᠲᠠᠶ ᠬᠠᠮᠲᠤᠷᠠᠯᠴᠠᠭ᠎ᠠ ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠤᠯᠠᠮ ᠴᠢᠨᠠᠭᠰᠢᠳᠠ ᠡᠭᠦᠳᠴᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠭᠡᠵᠦ᠂ ᠴᠡᠭ ᠲᠣᠭᠲᠠᠭᠠᠨ ᠬᠠᠪᠰᠤᠷᠤᠨ ᠲᠡᠳᠬᠦᠬᠦ᠂ ᠠᠵᠤ ᠦᠢᠯᠡᠰ ᠢ ᠬᠥᠭᠵᠢᠭᠦᠯᠬᠦ᠂ ᠬᠠᠮᠲᠤᠷᠠᠨ ᠰᠤᠷᠭᠠᠭᠤᠯᠢ ᠡᠷᠬᠢᠯᠡᠵᠦ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ ᠬᠡᠪ ᠳᠠᠭᠤᠷᠢᠶᠠᠯ ᠢ ᠭᠠᠷ ᠬᠤᠯᠪᠣᠨ ᠴᠣᠭᠴᠠᠯᠠᠬᠤ ᠶᠢ ᠬᠦᠰᠡᠵᠦ ᠪᠠᠶᠢᠨ᠎ᠠ ᠭᠡᠪᠡ᠃       ᠸᠠᠩ ᠬᠤᠩ ᠶᠤᠸᠠᠨ ᠢᠯᠡᠷᠬᠡᠶᠢᠯᠡᠭᠰᠡᠨ ᠨᠢ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠴᠢᠳᠠᠪᠤᠷᠢᠲᠠᠨ ᠪᠠ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠢᠩᠭᠠᠨ ᠠᠶᠢᠮᠠᠭ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠮᠵᠢᠯᠭᠡ᠂ ᠠᠮᠢ ᠠᠬᠤᠶ ᠶᠢ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ ᠢ ᠳᠡᠮᠵᠢᠵᠦ ᠬᠠᠪᠰᠤᠷᠤᠨ ᠲᠤᠰᠠᠯᠠᠬᠤ᠂ ᠰᠤᠷᠭᠠᠭᠤᠯᠢ ᠪᠠ ᠰᠤᠷᠭᠠᠭᠤᠯᠢ ᠶᠢᠨ ᠬᠠᠮᠲᠤᠷᠠᠯᠴᠠᠭ᠎ᠠ᠂ ᠣᠯᠠᠨ ᠤᠯᠤᠰ ᠤᠨ ᠰᠣᠯᠢᠯᠴᠠᠭ᠎ᠠ᠂ ᠲᠤᠰᠠᠯᠠᠬᠤ ᠬᠦᠴᠦᠨ ᠢ ᠪᠤᠵᠠᠭᠠᠶᠢᠷᠠᠭᠤᠯᠬᠤ ᠲᠠᠯ᠎ᠠ ᠪᠠᠷ ᠭᠠᠪᠢᠶ᠎ᠠ ᠪᠠᠶᠢᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠬᠤ ᠶᠢ ᠴᠢᠷᠮᠠᠶᠢᠨ ᠠᠬᠢᠭᠤᠯᠤᠨ᠎ᠠ ᠭᠡᠪᠡ᠃        ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠮᠲᠤᠪᠠᠷ ᠬᠢᠩᠭᠠᠨ ᠠᠶᠢᠮᠠᠭ ᠤᠨ ᠠᠮᠢ ᠠᠬᠤᠢ ᠶᠢᠨ ᠪᠣᠯᠪᠠᠰᠤᠨ ᠤ ᠬᠢᠴᠢᠶᠡᠯ ᠤᠨ ᠭᠡᠷ ᠤᠨ ᠫᠠᠶᠢᠰᠠ ᠶᠢ ᠰᠡᠬᠦᠪᠡ᠃ ᠪᠡᠭᠡᠵᠢᠩ ᠤᠨ ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠯᠸᠢ᠂ ᠠᠶᠢᠮᠠᠭ ᠤᠨ ᠤᠳᠤᠷᠢᠳᠤᠯᠭ᠎ᠠ ᠯᠢᠶᠠᠨ ᠳ᠋ᠦᠩ᠂ ᠬᠥ᠋ ᠯᠢ ᠮᠢᠨ᠂ ᠯᠢᠶᠠᠩ ᠶᠠᠨ ᠵᠢᠶᠦ᠋ᠨ᠂ ᠰᠦᠨ ᠱᠦ ᠲᠤᠤ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠹᠠᠨ ᠶᠦᠩ ᠢ ᠵᠡᠷᠭᠡ ᠬᠤᠶᠠᠷ ᠲᠠᠯ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ ︵ᠬᠠᠨ ᠸᠧᠨ ᠪᠢᠨ ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号