| ᠦᠢᠷ᠎ᠠ ᠳᠤ᠂ ︽ᠠᠶᠠᠯᠭᠤᠳᠦ ᠵᠢᠭᠤᠯᠴᠢᠯᠠᠯ ᠦᠪᠦᠷ ᠮᠤᠩᠭᠤᠯ ᠬᠢᠩᠭᠠᠨ ᠠᠶᠢᠮᠠᠭ ᠢᠶᠠᠷ ᠵᠢᠭᠤᠯᠴᠢᠯᠠᠶ᠎ᠠ︾ | ᠭᠡᠬᠦ ᠬᠠᠪᠤᠷ ᠵᠤᠨ ᠤ ᠤᠯᠠᠷᠢᠯ ᠤᠨ ᠵᠢᠭᠤᠯᠴᠢᠯᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠷᠠᠰᠢᠶᠠᠨ ᠬᠤᠳᠠ ᠳᠤ | ᠬᠤᠷᠠᠯᠳᠤᠵᠤ᠂ ᠪᠦᠬᠦ ᠣᠷᠣᠨ ᠪᠦᠰᠡ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠢ ᠠᠭᠤᠰᠤᠯᠴᠠᠭᠤᠯᠤᠨ | ᠬᠥᠭᠵᠢᠭᠦᠯᠬᠦ ᠪᠠᠶᠢᠯᠳᠤᠬᠤ ᠪᠤᠳᠤᠯᠭ᠎ᠠ ᠵᠢᠴᠢ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠵᠢᠩᠬᠢᠨᠢ ᠪᠠᠷ ᠨᠡᠶᠢᠲᠡᠯᠡᠪᠡ᠃ | ᠰᠣᠨᠢᠨ ᠮᠡᠳᠡᠭᠡ ᠨᠡᠶᠢᠲᠡᠯᠡᠬᠦ ᠬᠤᠷᠠᠯ ᠨᠢ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ | ᠬᠥᠭᠵᠢᠭᠦᠯᠬᠦ︾ ᠪᠠᠷ ᠭᠤᠣᠯ ᠤᠢᠢᠯᠠᠭᠠᠭᠳᠠᠬᠤᠨ ᠪᠣᠯᠭᠠᠵᠤ᠂ ᠬᠠᠪᠤᠷ ᠵᠤᠨ ᠤ ᠤᠯᠠᠷᠢᠯ ᠤᠨ ᠵᠢᠭᠤᠯᠴᠢᠯᠠᠯ ᠤᠨ | ᠪᠦᠲᠦᠭᠡᠭᠳᠡᠬᠦᠨ ᠤ ᠰᠢᠰᠲ᠋ᠧᠮ᠂ ᠦᠢᠯᠡᠴᠢᠯᠡᠭᠡᠨ ᠤ ᠪᠠᠲᠤᠯᠠᠪᠤᠷᠢ ᠶᠢᠨ ᠲᠣᠭᠲᠠᠴᠠ ᠵᠢᠴᠢ ᠤᠬᠠᠭᠤᠯᠭ᠎ᠠ ᠶᠢᠨ | ᠵᠢᠭᠰᠠᠭᠠᠯ ᠢ ᠰᠢᠰᠲ᠋ᠧᠮ ᠲᠠᠢ ᠲᠠᠨᠢᠯᠴᠠᠭᠤᠯᠵᠤ᠂ ᠤᠮᠠᠷᠠᠲᠤ ᠬᠢᠯᠢ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠮᠢᠳᠤᠯᠢᠭ ᠦᠢᠯᠡᠳᠦᠯᠭᠡ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ | ᠃ | ᠰᠣᠨᠢᠨ ᠮᠡᠳᠡᠭᠡ ᠨᠡᠶᠢᠲᠡᠯᠡᠬᠦ ᠬᠤᠷᠠᠯ ᠨᠢ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠭᠦᠨᠵᠡᠭᠡᠢ | ᠠᠭᠤᠰᠤᠯᠴᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠯᠤᠭᠠᠨ ᠶᠡᠭᠡ ᠭᠤᠣᠯᠳᠠᠯᠭ᠎ᠠ ᠲᠠᠢ ᠢᠨᠵᠧᠨᠧᠷᠢᠩ ᠢ | ᠨᠡᠶᠢᠲᠡᠯᠡᠪᠡ᠃ ᠨᠢᠭᠡ ᠳᠤ᠂ ᠳᠡᠯᠡᠬᠡᠶ ᠶᠢᠨ ᠲᠠᠰ ᠤᠨ ᠠᠮᠠᠷᠠᠯᠲᠠ ᠶᠢᠨ ᠣᠷᠣᠨ ᠤ ᠦᠢᠯᠡᠳᠬᠦᠨ ᠤ ᠰᠢᠰᠲ᠋ᠧᠮ ᠢ | ᠪᠠᠶᠢᠭᠤᠯᠬᠤ ᠢᠨᠵᠧᠨᠧᠷᠢᠩ᠃ ᠷᠠᠰᠢᠶᠠᠨ ᠤ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠤ ᠡᠬᠢ | ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠳᠡᠭᠡᠳᠦ ᠲᠠᠰ ᠤᠨ ᠰᠡᠯᠡᠭᠦᠴᠡᠯ ᠠᠮᠠᠷᠠᠯᠲᠠ᠂ ᠠᠮᠢ ᠠᠬᠤᠶ ᠶᠢᠨ | ᠡᠷᠡᠭᠦᠯᠵᠢᠯ ᠰᠤᠪᠢᠯᠠᠯᠲᠠ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠭᠡᠭᠡᠨ ᠬᠥᠭᠵᠢᠭᠦᠯᠵᠦ᠂ ᠣᠯᠠᠨ ᠤᠯᠤᠰ ᠤᠨ | ᠪᠠᠷᠢᠮᠵᠢᠶ᠎ᠠ ᠪᠠᠷ ᠪᠠᠷᠢᠮᠵᠢᠶᠠᠯᠠᠨ ᠦᠢᠯᠡᠳᠬᠦᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ︔ ᠬᠤᠶᠠᠷ ᠲᠤ᠂ ︽ | ᠠᠶᠠᠯᠭᠤᠳᠦ ᠵᠢᠭᠤᠯᠴᠢᠯᠠᠯ ᠦᠪᠦᠷ ᠮᠤᠩᠭᠤᠯ ᠬᠢᠨᠭ᠍ᠭᠠᠨ ᠳᠠᠪᠠᠭᠠᠨ ᠳᠠᠬᠢ ᠬᠢᠨᠭ᠍ᠭᠠᠨ ᠠᠶᠢᠮᠠᠭ︾ IP ᠵᠢᠭᠰᠠᠭᠠᠯ ᠤᠨ | ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠃ ᠳᠠᠭᠤᠤ ᠬᠥᠭᠵᠢᠮ ᠢᠶᠠᠷ ᠬᠤᠯᠪᠣᠭᠠᠰᠤ ᠪᠣᠯᠭᠠᠵᠤ᠂ ︽ᠵᠠᠭᠤᠨ | ᠲᠠᠯᠠᠪᠤᠷ ᠳᠠᠭᠤᠤ ᠬᠥᠭᠵᠢᠮ ᠤᠨ ᠨᠠᠶᠢᠷ᠂ ᠵᠠᠭᠤᠨ ᠬᠠᠯᠠᠮᠰᠢᠯ ᠭᠠᠵᠠᠷ᠂ ᠵᠠᠭᠤᠨ ᠵᠤᠷᠪᠤᠰ ᠣᠬᠤᠷ ᠸᠢᠳᠢᠣ᠋︾ ᠵᠡᠷᠭᠡ | ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠭᠠᠷᠭᠠᠵᠤ᠂ ᠳᠠᠭᠤᠤ ᠬᠥᠭᠵᠢᠮ ᠤᠨ ᠰᠣᠶᠣᠯ ᠵᠢᠭᠤᠯᠴᠢᠯᠠᠯ ᠤᠨ ᠰᠢᠨ᠎ᠡ | ᠦᠵᠡᠭᠳᠡᠯ ᠢ ᠪᠣᠶ ᠪᠣᠯᠭᠠᠨ᠎ᠠ︔ ᠭᠤᠷᠪᠠ ᠳᠤ᠂ ︽ᠨᠢᠭᠡ ᠭᠤᠤᠯ ᠬᠤᠶᠠᠷ ᠳᠡᠳ᠋︾ ᠤᠨ ᠵᠢᠭᠤᠯᠴᠢᠯᠠᠯ ᠤᠨ ᠰᠣᠳᠣᠨ | ᠵᠠᠮ ᠱᠤᠭᠤᠮ ᠪᠠ ︽8 + 8︾ ᠬᠠᠪᠤᠷ ᠵᠣᠨ ᠤ ᠤᠯᠠᠷᠢᠯ ᠤᠨ ᠭᠤᠤᠯ ᠰᠡᠳᠦᠪᠲᠦ ᠵᠠᠮ ᠱᠤᠭᠤᠮ ᠤᠨ | ᠢᠨᠵᠧᠨᠧᠷᠢᠩ ᠢ ᠭᠠᠷᠭᠠᠨ᠎ᠠ᠃ ᠷᠠᠰᠢᠶᠠᠨ ᠤ ᠠᠮᠢ ᠠᠬᠤᠶ ᠶᠢᠨ ᠵᠢᠭᠤᠯᠴᠢᠯᠠᠯ ᠢᠶᠠᠷ ᠭᠤᠤᠯ ᠲᠡᠩᠭᠡᠯᠢᠭ ᠪᠣᠯᠭᠠᠵᠤ᠂ | ᠤᠯᠠᠭᠠᠨᠬᠤᠲᠠ ᠶᠢᠨ ᠬᠤᠪᠢᠰᠬᠠᠯᠳᠦ ᠰᠣᠶᠣᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠳᠠᠰ ᠤᠨ | ᠪᠤᠰᠤ ᠰᠣᠶᠣᠯ ᠤᠨ ᠥᠪ ᠢ ᠪᠡᠶᠡᠴᠢᠯᠡᠨ ᠤᠶᠢᠯᠠᠭᠠᠬᠤ ᠵᠡᠷᠭᠡ ᠡᠬᠢ ᠪᠠᠶᠠᠯᠢᠭ ᠲᠠᠢ ᠬᠤᠯᠪᠣᠭᠠᠯᠠᠵᠤ᠂ ︽ᠬᠠᠪᠤᠷ ᠤᠨ | ᠤᠯᠠᠷᠢᠯ ᠳᠤ ᠬᠤᠷᠴᠨ ᠤᠯᠠᠭᠠᠨ ᠴᠡᠴᠡᠭ ᠰᠣᠨᠢᠷᠬᠠᠬᠤ᠂ ᠵᠤᠨ ᠤ ᠤᠯᠠᠷᠢᠯ ᠳᠤ ᠰᠡᠯᠡᠭᠦᠴᠡᠬᠦ︾ ᠵᠡᠷᠭᠡ 16 ᠭᠤᠤᠯ | ᠰᠡᠳᠦᠪᠲᠦ ᠵᠠᠮ ᠱᠤᠭᠤᠮ ᠢ ᠭᠠᠷᠭᠠᠵᠤ᠂ ᠵᠢᠭᠤᠯᠴᠢᠯᠠᠭᠴᠢᠳ ᠤᠨ ᠣᠯᠠᠨ ᠡᠰᠢᠲᠦ ᠬᠡᠷᠡᠭᠴᠡᠭᠡ ᠶᠢ ᠬᠠᠩᠭᠠᠨ᠎ᠠ︔ | ᠳᠥᠷᠪᠡ ᠳᠤ᠂ 19 ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠵᠦᠢᠯᠡᠰ ᠤᠨ ᠪᠡᠷᠬᠡ ᠰᠡᠳᠦᠪ ᠢ ᠰᠢᠢᠳᠪᠦᠷᠢᠯᠡᠬᠦ | ᠢᠨᠵᠧᠨᠧᠷᠢᠩ᠃ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ᠂ ᠤᠯᠠᠭᠠᠨᠬᠤᠲᠠ ᠶᠢᠨ ᠬᠤᠲᠠ ᠶᠢᠨ | ᠳᠤᠭᠤᠶ ᠤᠨᠤᠬᠤ ᠵᠠᠮ ᠵᠡᠷᠭᠡ ᠲᠥᠷᠥᠯ ᠵᠦᠢᠯ ᠢ ᠬᠠᠮᠤᠷᠴᠤ᠂ 84 ᠬᠤᠳᠠᠯᠳᠤᠭᠠᠴᠢᠨ ᠤᠷᠢᠬᠤ ᠲᠥᠷᠥᠯ ᠵᠦᠢᠯ ᠢ | ᠵᠡᠷᠭᠡᠪᠡᠷ ᠡᠬᠢᠯᠡᠭᠦᠯᠵᠦ᠂ ︽ᠲᠥᠷᠥᠯ ᠵᠦᠢᠯ ᠢᠶᠠᠷ ᠳᠠᠶᠢᠴᠢᠯᠠᠬᠤ᠂ ᠠᠵᠤ ᠦᠢᠯᠡᠰ ᠢᠶᠠᠷ ᠬᠤᠯᠪᠣᠭᠠᠯᠠᠨ ᠬᠥᠳᠡᠯᠦᠯᠴᠡᠬᠦ | ︾ ᠬᠥᠭᠵᠢᠯᠲᠡ ᠶᠢᠨ ᠪᠠᠶᠢᠷᠢᠰᠢᠯ ᠢ ᠪᠣᠶ ᠪᠤᠯᠭᠠᠨ᠎ᠠ︔ ᠲᠠᠪᠤ ᠳᠤ᠂ 210 ᠤᠳᠠᠭᠠᠨ ᠤ ᠰᠣᠶᠣᠯ ᠲᠠᠮᠢᠷ ᠤᠨ | ᠦᠪᠡᠳᠡᠭᠰᠢ ᠳᠠᠶᠢᠯᠠᠯᠭ᠎ᠠ ᠶᠢ ᠪᠦᠬᠦ ᠲᠠᠯ᠎ᠠ ᠪᠠᠷ ᠶᠠᠪᠤᠭᠳᠠᠭᠤᠯᠤᠨ᠎ᠠ᠃ ᠬᠠᠪᠤᠷ ᠤᠨ ᠤᠯᠠᠷᠢᠯ ᠤᠨ ︽5 · 19 | ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠬᠢᠩᠭᠠᠨ ᠠᠶᠢᠮᠠᠭ ᠤᠨ ᠬᠤᠪᠢᠶᠠᠷᠢ ᠬᠤᠷᠠᠯ ᠤᠨ ᠲᠠᠯᠠᠪᠠᠢ | ᠵᠢᠴᠢ 2025 ᠣᠨ ᠤ ᠷᠠᠰᠢᠶᠠᠨ ᠤ ᠬᠤᠷᠴᠠ ᠤᠯᠠᠭᠠᠨ ᠴᠡᠴᠡᠭ ᠤᠨ ᠵᠢᠭᠤᠯᠴᠢᠯᠠᠯ ᠤᠨ ᠤᠯᠠᠷᠢᠯ᠂ ᠬᠢᠩᠭᠠᠨ | ᠠᠶᠢᠮᠠᠭ ᠤᠨ ᠨᠠᠭᠠᠳᠤᠮ ᠤᠨ ᠤᠯᠠᠷᠢᠯ᠂ ᠨᠠᠮᠤᠷ ᠤᠨ ᠤᠯᠠᠷᠢᠯ ᠤᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠪᠠᠲᠤᠴᠠᠭᠠᠨ ᠤ ᠵᠢᠭᠤᠯᠴᠢᠯᠠᠯ ᠤᠨ ᠤᠯᠠᠷᠢᠯ᠂ ᠡᠪᠦᠯ ᠤᠨ ᠤᠯᠠᠷᠢᠯ ᠤᠨ ᠷᠠᠰᠢᠶᠠᠨ ᠤ ᠮᠥᠰᠥ | ᠴᠠᠰᠤᠨ ᠤ ᠨᠠᠶᠢᠷ ᠢᠶᠠᠷ ᠭᠤᠣᠯ ᠴᠣᠭᠴᠠ ᠪᠣᠯᠭᠠᠭᠰᠠᠨ 210 ᠵᠦᠢᠯ ᠤᠨ ᠪᠠᠶᠠᠯᠢᠭ ᠠᠭᠤᠯᠭ᠎ᠠ ᠲᠠᠢ ᠰᠣᠶᠣᠯ | ᠵᠢᠭᠤᠯᠴᠢᠯᠠᠯ ᠤᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ︽ᠰᠣᠶᠣᠯ ᠵᠢᠭᠤᠯᠴᠢᠯᠠᠯ +︾ ᠠᠭᠤᠰᠤᠯᠴᠠᠯ ᠤᠨ | ᠰᠢᠨ᠎ᠡ ᠠᠮᠢ ᠠᠬᠤᠢ ᠶᠢ ᠴᠣᠭᠴᠠᠯᠠᠨ ᠪᠠᠶᠢᠭᠤᠯᠤᠨ᠎ᠠ︔ ᠵᠢᠷᠭᠤᠭ᠎ᠠ ᠳᠤ᠄ ᠠᠷᠠᠳ ᠲᠤ ᠠᠰᠢᠭ ᠬᠦᠷᠲᠡᠭᠡᠬᠦ ᠪᠡᠯᠡᠭ ᠤᠨ | ᠪᠣᠭᠤᠳᠠᠯ ᠣᠯᠭᠤᠬᠤ ᠢᠨᠵᠧᠨᠧᠷᠢᠩ᠃ ᠣᠷᠣᠨ ᠤ ᠭᠠᠳᠠᠨᠠᠬᠢ ᠵᠢᠭᠤᠯᠴᠢᠯᠠᠭᠴᠢᠳ ᠢ ᠤᠷᠢᠵᠤ ᠨᠢᠰᠭᠡᠯ | ᠳᠠᠭᠠᠭᠠᠴᠢᠯᠠᠭᠤᠯᠬᠤ᠂ ᠲᠤᠰᠬᠠᠢ ᠭᠠᠯᠲᠤ ᠲᠡᠷᠭᠡ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠱᠠᠩᠨᠠᠵᠤ | ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ 14 ᠭᠤᠣᠯ ᠦᠵᠡᠮᠵᠢ ᠶᠢᠨ ᠣᠷᠣᠨ ᠢ | ᠪᠡᠭᠡᠵᠢᠩ ᠤᠨ ᠬᠤᠳᠠ ᠶᠢᠨ ᠠᠷᠠᠳ ᠲᠤ ᠬᠠᠨᠳᠤᠭᠤᠯᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠠ ᠶᠢ | ᠰᠦᠢᠳᠭᠡᠯ ᠬᠤᠷᠢᠶᠠᠬᠤ ᠦᠭᠡᠢ ᠪᠠᠷ ᠨᠡᠭᠡᠭᠡᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ | ᠬᠥᠭᠵᠢᠭᠡᠨ᠎ᠡ︔ ᠳᠣᠯᠤᠭ᠎ᠠ ᠳᠤ᠄ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠃ | ᠵᠢᠭᠤᠯᠴᠢᠯᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ 24 ᠴᠠᠭ ᠤᠨ | ᠵᠠᠭᠠᠯᠳᠤᠯᠭ᠎ᠠ ᠶᠢᠨ ᠲᠤᠰᠬᠠᠶ ᠱᠤᠭᠤᠮ ᠢ ᠰᠠᠭᠠᠳ ᠥᠬᠡᠶ ᠨᠡᠪᠲᠡᠷᠡᠭᠦᠯᠵᠦ᠂ 30 ᠮᠢᠨᠦ᠋ᠲ ᠲᠤ ᠳᠠᠷᠦᠢ ᠲᠦᠷᠭᠡᠨ | ᠮᠦᠷᠳᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠂ ᠵᠢᠭᠤᠯᠴᠢᠯᠠᠯ ᠤᠨ ᠨᠠᠷᠠᠲᠤ ᠲᠥᠷᠥᠯ ᠳᠡᠮᠳᠡᠭ ᠤᠨ ᠰᠢᠨ᠎ᠡ | ᠬᠢᠯᠠᠰ ᠴᠡᠭ ᠢ ᠪᠣᠶ ᠪᠣᠯᠭᠠᠨ᠎ᠠ᠃ | 2025 ᠣᠨ ᠳᠤ᠂ ᠬᠢᠩᠭᠠᠨ ᠠᠶᠢᠮᠠᠭ ︽ᠠᠶᠠᠯᠭᠤᠳᠦ ᠵᠢᠭᠤᠯᠴᠢᠯᠠᠯ ᠦᠪᠦᠷ ᠮᠤᠩᠭᠤᠯ︾ ᠣᠷᠣᠨ | ᠪᠦᠰᠡ ᠶᠢᠨ ᠨᠠᠷᠠᠲᠤ ᠲᠥᠷᠥᠯ ᠳᠡᠮᠳᠡᠭ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ | ᠪᠦᠲᠦᠭᠡᠭᠳᠡᠬᠦᠨ ᠤ ᠰᠢᠨ᠎ᠡ ᠶᠢ ᠡᠭᠦᠳᠤᠨ᠂ ︽ᠠᠮᠢ ᠠᠬᠤᠶ ᠶᠢᠨ ᠰᠤᠳᠤᠯᠤᠨ ᠰᠤᠷᠤᠯᠴᠠᠬᠤ + ᠪᠣᠳᠠᠰ ᠤᠨ ᠪᠤᠰᠤ | ᠰᠤᠶᠤᠯ ᠤᠨ ᠥᠪ ᠤᠨ ᠦᠢᠯᠡᠳᠭᠡᠯ ᠤᠨ ᠭᠠᠵᠠᠷ︾᠂ ︽ᠰᠢᠩ ᠺᠦᠡᠭ ᠬᠡᠭᠡᠷᠡᠯᠡᠨ ᠪᠠᠭᠤᠳᠠᠯᠯᠠᠬᠤ + ᠣᠶ | ᠰᠢᠭᠤᠶ ᠶᠢᠨ ᠡᠷᠡᠭᠦᠯᠵᠢᠯ ᠰᠤᠪᠢᠯᠠᠯᠲᠠ︾ ᠵᠡᠷᠭᠡ ᠠᠭᠤᠰᠤᠯᠴᠠᠭᠰᠠᠨ ᠬᠡᠯᠪᠡᠷᠢ ᠶᠢᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠪᠡᠶᠡᠴᠢᠯᠡᠨ ᠣᠶᠢᠯᠠᠭᠠᠬᠤ ᠠᠵᠤ ᠠᠬᠤᠶ ᠳᠠᠰᠢ | ᠬᠤᠪᠢᠷᠠᠭᠤᠯᠬᠤ ᠶᠢ ᠠᠬᠢᠭᠤᠯᠤᠨ᠎ᠠ︔ ᠵᠠᠮ ᠱᠤᠭᠤᠮ ᠢ ᠰᠢᠯᠢᠳᠡᠭᠵᠢᠭᠦᠯᠦᠨ᠂ ︽ᠬᠤᠪᠢᠰᠬᠠᠯ ᠤᠨ ᠳᠤᠷᠠᠰᠤᠮᠵᠢ · | ᠤᠮᠠᠷᠠᠲᠤ ᠬᠢᠯᠢ ᠶᠢᠨ ᠥᠷᠯᠥᠭ ᠬᠥᠰᠢᠶ᠎ᠡ︾ ᠵᠡᠷᠭᠡ ᠭᠤᠤᠯ ᠰᠡᠳᠦᠪᠲᠦ ᠵᠠᠮ ᠱᠤᠭᠤᠮ ᠢ ᠭᠠᠷᠭᠠᠵᠤ᠂ ︽ᠨᠢᠭᠡ | ᠡᠳᠦᠷ ᠲᠤ ᠨᠢᠭᠡ ᠦᠵᠡᠮᠵᠢ᠂ ᠨᠢᠭᠡ ᠤᠯᠠᠷᠢᠯ ᠳᠤ ᠨᠢᠭᠡ ᠲᠥᠷᠥᠯ ᠵᠦᠢᠯ︾ ᠲᠠᠢ ᠪᠠᠶᠢᠬᠤ ᠶᠢ ᠪᠠᠳᠤᠯᠠᠨ᠎ᠠ︔ | ᠠᠵᠢᠯᠯᠠᠭ᠎ᠠ ᠶᠢ ᠤᠬᠠᠭᠠᠯᠠᠨ ᠰᠡᠳᠦᠵᠦ᠂ ︽ᠤᠮᠠᠷᠠᠲᠤ ᠶᠢᠨ ᠳᠠᠭᠤᠤ ᠬᠥᠭᠵᠢᠮ ᠤᠨ ᠤᠯᠠᠷᠢᠯ︾᠂ ︽ᠲᠠᠯ᠎ᠠ | ᠨᠤᠲᠤᠭ ᠤᠨ ᠨᠠᠭᠠᠳᠤᠮ︾ ᠵᠡᠷᠭᠡ ᠠᠵᠢᠯᠯᠠᠭ᠎ᠠ ᠶᠢ ᠡᠷᠭᠢᠯᠡᠵᠦ᠂ ᠳᠠᠭᠤᠤ ᠬᠥᠭᠵᠢᠮ᠂ ᠪᠡᠶ᠎ᠡ ᠶᠢᠨ ᠲᠠᠮᠢᠷ᠂ ᠠᠷᠠᠳ ᠤᠨ | ᠵᠠᠩ ᠦᠢᠯᠡ ᠵᠡᠷᠭᠡ ᠡᠯᠧᠮᠧᠨ᠋ᠲ ᠢ ᠠᠭᠤᠰᠤᠯᠴᠠᠭᠤᠯᠤᠨ᠂ ᠵᠢᠭᠤᠯᠴᠢᠯᠠᠭᠴᠢᠳ ᠤᠨ ᠤᠷᠤᠯᠴᠠᠬᠤ ᠢᠳᠡᠪᠬᠢᠵᠢᠯ ᠢ | ᠳᠡᠭᠡᠭᠰᠢᠯᠡᠭᠦᠯᠦᠨ᠎ᠡ︔ ᠦᠢᠯᠡᠴᠢᠯᠡᠭᠡ ᠶᠢ ᠳᠡᠰ ᠳᠡᠪᠰᠢᠭᠦᠯᠵᠦ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠲᠣᠣᠷ | ᠰᠦᠯᠵᠢᠶ᠎ᠡ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠤᠯᠠᠭ᠎ᠠ ᠦᠷᠳᠡᠭᠡ᠂ ᠬᠤᠪᠢ ᠶᠢᠨ ᠮᠠᠰᠢᠨ ᠲᠡᠷᠭᠡᠨ ᠤ | ᠪᠠᠭᠤᠴᠠ ᠵᠡᠷᠭᠡ ᠲᠥᠬᠦᠭᠡᠷᠦᠮᠵᠢ ᠶᠢ ᠨᠡᠮᠡᠨ ᠪᠠᠶᠢᠭᠤᠯᠵᠤ᠂ ︽ᠲᠦᠷᠭᠡᠨ ᠣᠷᠣᠵᠤ ᠤᠳᠠᠭᠠᠨ ᠵᠢᠭᠤᠯᠴᠢᠯᠠᠬᠤ︾ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ | ᠲᠤᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠨᠢ ᠬᠠᠪᠤᠷ ᠵᠤᠨ ᠤ ᠤᠯᠠᠷᠢᠯ ᠤᠨ ᠵᠢᠭᠤᠯᠴᠢᠯᠠᠯ | ᠪᠦᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠦ ᠪᠤᠢ᠃ ᠢᠷᠡᠭᠡᠳᠦᠶ ᠳᠤ ᠬᠢᠩᠭᠠᠨ ᠠᠶᠢᠮᠠᠭ ᠳᠡᠯᠡᠬᠡᠶ ᠶᠢᠨ ᠲᠠᠰ ᠤᠨ | ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ᠂ ᠪᠡᠶ᠎ᠡ ᠶᠢᠨ | ᠲᠠᠮᠢᠷ ᠤᠨ ᠤᠷᠤᠯᠳᠤᠭᠠᠨ᠂ ᠰᠣᠶᠣᠯ ᠤᠨ ᠪᠠᠶᠠᠷ ᠳᠤᠷᠠᠰᠬᠠᠯ ᠢᠶᠠᠷ ᠠᠴᠢᠶᠠᠯᠠᠪᠤᠷᠢ ᠪᠣᠯᠭᠠᠨ᠂ ᠬᠠᠮ | ᠵᠠᠭᠤᠴᠢᠯᠠᠭᠤᠷ ᠤᠨ ᠤᠬᠠᠭᠤᠯᠭ᠎ᠠ ᠶᠢᠨ ᠵᠢᠭᠰᠠᠭᠠᠯ ᠢᠶᠠᠷ ᠲᠤᠯᠭᠠᠭᠤᠷᠢᠯᠠᠯ ᠪᠣᠯᠭᠠᠵᠤ᠂ ︽ᠤᠮᠠᠷᠠᠲᠤ ᠶᠢᠨ ᠰᠣᠶᠣᠯ︾ | ᠤᠨ ᠪᠡᠶᠡᠴᠢᠯᠡᠨ ᠣᠶᠢᠯᠠᠭᠠᠬᠤ ᠭᠠᠵᠠᠷ᠂ ᠠᠮᠢ ᠠᠬᠤᠶ ᠶᠢᠨ ᠡᠷᠡᠭᠦᠯ ᠮᠡᠨᠳᠦ ᠶᠢᠨ ᠲᠡᠷᠢᠭᠦᠨ ᠰᠣᠩᠭᠤᠯᠲᠠ ᠶᠢᠨ | ᠭᠠᠵᠠᠷ ᠢ ᠪᠣᠶ ᠪᠣᠯᠭᠠᠵᠤ᠂ ᠥᠪᠥᠷ ᠮᠣᠩᠭᠤᠯ ᠤᠨ ︽ᠥᠪᠡᠰᠦᠪᠡᠨ ᠳᠡᠷᠭᠡ ᠵᠢᠯᠤᠭᠤᠳᠴᠦ ᠵᠢᠭᠤᠯᠴᠢᠯᠠᠬᠤ ᠲᠡᠷᠢᠭᠦᠨ | ᠰᠣᠩᠭᠤᠯᠲᠠ ᠶᠢᠨ ᠭᠠᠵᠠᠷ᠂ ᠬᠡᠭᠡᠷᠡᠯᠡᠨ ᠪᠠᠭᠤᠳᠠᠯᠯᠠᠬᠤ ᠰᠠᠶᠢᠨ ᠰᠣᠩᠭᠤᠯᠲᠠ ᠶᠢᠨ ᠭᠠᠵᠠᠷ᠂ ᠰᠡᠯᠡᠭᠦᠴᠡᠯ | ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ᠂ ᠡᠷᠡᠭᠦᠯ ᠮᠡᠨᠳᠦ ᠶᠢᠨ ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ | ᠭᠠᠵᠠᠷ︾ ᠢ ᠪᠠᠶᠢᠭᠤᠯᠬᠤ ᠳᠤ ᠬᠦᠴᠦ ᠨᠡᠮᠡᠷᠢᠯᠡᠵᠡᠢ᠃ | | | | |