ᠰᠦᠬᠡ ᠪᠠᠢ ᠯᠠᠩ ᠡᠦ ᠴᠠ ᠭᠸᠦ ᠤᠢ ᠰᠢᠭᠤᠢ ᠶᠢᠨ ᠳᠤᠪᠴᠢᠶ᠎ᠠ ᠪᠠᠷ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2025/6/12
        6 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠪᠠᠢ ᠯᠠᠩ ᠬᠤᠸᠠ ᠷᠦᠨ ᠬᠦᠰᠡᠯ ᠵᠢᠵᠢᠭ ᠪᠠᠯᠭᠠᠰᠤ᠂ ᠪᠠᠢ ᠯᠠᠩ ᠪᠠᠯᠭᠠᠰᠤ ᠶᠢᠨ ᠪᠠᠢ ᠬᠤᠸᠠ ᠯᠢᠨ ᠨᠡᠶᠢᠭᠡᠮ ᠲᠣᠭᠤᠷᠢᠭ᠂ ᠶᠡᠭᠡ ᠬᠢᠩᠭᠠᠨ ᠳᠠᠪᠠᠭᠠᠨ ᠤ ᠤᠢ ᠰᠢᠭᠤᠢ ᠶᠢᠨ ᠭᠠᠷᠤᠯᠲᠠ ᠶᠢᠨ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠰᠢᠨ ᠮᠦᠬᠦ ᠶᠢᠨ ᠤᠷᠤᠨ ᠲᠣᠭᠤᠷᠢᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠦ᠋ ᠴᠠ ᠭᠸᠤ ᠪᠠᠯᠭᠠᠰᠤᠨ ᠤ ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ᠲᠥᠪ᠂ ᠦ᠋ ᠴᠠ ᠭᠸᠤ ᠤᠢ ᠶᠢᠨ ᠬᠤᠷᠮᠣᠢ ᠶᠢᠨ ᠤᠮᠳᠠᠭᠠᠨ ᠡᠳ᠋ᠰᠢᠭᠦᠯᠬᠦ ᠦᠢᠯᠡᠳᠪᠦᠷᠢ ᠳᠤ ᠭᠦᠨᠵᠡᠭᠡᠶᠢᠷᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠤᠢ ᠶᠢᠨ ᠬᠤᠷᠮᠣᠢ ᠶᠢᠨ ᠠᠵᠤ ᠦᠢᠯᠡᠰ ᠤᠨ ᠬᠥᠭᠵᠢᠯᠲᠡ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠵᠡᠷᠭᠡ ᠠᠵᠢᠯ ᠢ ᠰᠢᠨᠵᠢᠯᠡᠨ ᠪᠠᠶᠢᠴᠠᠭᠠᠪᠠ᠃        ᠰᠦᠬᠡ ᠬᠡᠯᠡᠭᠰᠡᠨ ᠨᠢ᠂ ᠪᠠᠢ ᠯᠠᠩ᠂ ᠡᠦ ᠴᠠ ᠭᠸᠦ ᠤᠢ ᠰᠢᠭᠤᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠵᠤ᠂ ᠤᠢ ᠰᠢᠭᠤᠢ ᠶᠢᠨ ᠭᠠᠷᠤᠯᠲᠠ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠤᠢ ᠰᠢᠭᠤᠢ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠤᠷᠲᠤᠳᠬᠠᠵᠤ᠂ ᠤᠢ ᠰᠢᠭᠤᠢ ᠶᠢᠨ ᠠᠵᠤ ᠠᠬᠤᠢ ᠶᠢ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ ᠲᠡᠰᠢ ᠤᠷᠤᠭᠰᠢᠯᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠳᠠᠪᠠᠭᠤᠯᠢᠭ ᠢ ᠲᠠᠰᠤᠷᠠᠯᠲᠠ ᠦᠭᠡᠢ ᠠᠵᠤ ᠠᠬᠤᠢ ᠶᠢᠨ ᠳᠠᠪᠠᠭᠤᠯᠢᠭ ᠪᠠ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠬᠤᠸᠠ ᠷᠦᠨ ᠬᠦᠰᠡᠯ ᠵᠢᠵᠢᠭ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠂ ᠲᠤᠬᠠᠶ ᠶᠢᠨ ᠭᠠᠵᠠᠷ ᠤᠨ ᠵᠠᠩ ᠦᠢᠯᠡ ᠶᠢᠨ ᠰᠣᠶᠣᠯ ᠬᠢᠭᠡᠳ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠤᠨᠴᠠᠯᠢᠬᠳᠤ ᠠᠷᠠᠳ ᠤᠨ ᠣᠷᠣᠨ ᠰᠠᠭᠤᠴᠠ᠂ ᠠᠷᠠᠳ ᠤᠨ ᠵᠠᠩ ᠦᠢᠯᠡ ᠶᠢᠨ ᠣᠶᠢᠯᠠᠭᠠᠯᠲᠠ ᠵᠡᠷᠭᠡ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠬᠥᠭᠵᠢᠭᠦᠯᠵᠦ ᠂ ᠰᠣᠶᠣᠯ ᠵᠢᠭᠤᠯᠴᠢᠯᠠᠯ᠂ ᠲᠠᠷᠢᠶᠠᠯᠠᠩ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠵᠤ ᠦᠢᠯᠡᠰ ᠢᠶᠠᠷ ᠲᠠᠷᠢᠶᠠᠴᠢᠳ ᠢ ᠨᠠᠩ ᠰᠠᠶᠢᠨ ᠲᠤᠰᠠᠯᠠᠵᠤ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠲᠥᠷᠥᠯ ᠵᠦᠢᠯ ᠢᠶᠠᠷ ᠳᠠᠮᠵᠢᠭᠤᠯᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠡᠢ᠃        ᠰᠦᠬᠡ ᠬᠡᠯᠡᠭᠰᠡᠨ ᠨᠢ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠰᠡᠳᠭᠢᠯᠭᠡ ᠪᠠᠷ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠠᠵᠢᠯ ᠢ ᠴᠢᠩᠭ᠎ᠠ ᠪᠣᠳᠠᠲᠠᠢ ᠲᠦᠷᠭᠡᠨ ᠰᠠᠶᠢᠲᠤᠷ ᠠᠳᠬᠤᠵᠤ᠂ ᠪᠠᠶᠢᠴᠠᠭᠠᠨ ᠬᠠᠷᠭᠤᠭᠤᠯᠬᠤ ᠶᠢ ᠪᠣᠳᠠᠲᠠᠶᠢᠵᠢᠭᠤᠯᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠺᠠᠳ᠋ᠷᠴᠤᠳ ᠤᠨ ᠲᠤᠰᠬᠠᠯ ᠴᠢᠩᠭ᠎ᠠ ᠪᠠᠶᠢᠭ᠎ᠠ ᠲᠡᠬᠢᠨ ᠲᠠᠪᠳᠡᠨ ᠬᠦᠰᠦᠨᠦᠭᠲᠦ ᠲᠠᠭᠯᠠᠬᠤ᠂ ᠬᠡᠲᠦᠷᠬᠡᠢ ᠣᠷᠣ ᠮᠥᠷ ᠦᠯᠡᠳᠡᠭᠡᠬᠦ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠪᠡᠷᠢᠴᠢ ᠦᠵᠡᠯ ᠤᠨ ᠠᠷᠬᠠᠭ ᠭᠡᠮ ᠢ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠺᠠᠳ᠋ᠷᠴᠤᠳ ᠢ ᠶᠠᠷᠰᠢᠭ ᠲᠦᠪᠡᠭᠲᠡᠢ ᠶᠠᠪᠤᠳᠠᠯ ᠠᠴᠠ ᠴᠢᠯᠥᠭᠡᠯᠡᠬᠦ ᠬᠡᠷᠡᠭᠲᠡᠢ᠃ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠵᠤ᠂ ᠪᠣᠳᠠᠲᠠᠢ ᠰᠢᠢᠳᠪᠦᠷᠢᠯᠡᠵᠦ᠂ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠲᠦᠭᠦᠮ ᠦᠵᠡᠭᠦᠯᠬᠦ᠂ ᠠᠵᠢᠯ ᠶᠠᠪᠤᠳᠠᠯ ᠪᠦᠲᠦᠭᠡᠬᠦ ᠪᠠᠷ ᠵᠣᠷᠢᠯᠲᠠ ᠪᠠ ᠲᠤᠰᠤᠯᠲᠠ ᠪᠣᠯᠭᠠᠬᠤ ᠬᠡᠷᠡᠭᠲᠡᠢ᠃ ᠦᠢᠯᠡᠴᠢᠯᠡᠭᠡᠨ ᠤ ᠴᠤᠩᠬᠤᠪᠴᠢ ᠶᠢ ᠴᠢᠨᠠᠭᠰᠢᠳᠠ ᠨᠡᠶᠢᠳᠭᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠤᠭ᠎ᠠ ᠪᠠᠷᠢᠮᠲᠠ ᠶᠢ ᠦᠨᠳᠤᠷᠵᠢᠬᠦᠯᠵᠤ᠂ ᠤᠯᠠᠨ ᠲᠦᠮᠡᠨ ᠢ ᠳᠤᠲᠠᠭᠤ ᠭᠦᠶᠦᠯᠭᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ ᠭᠡᠪᠡ᠃ ︵ᠵᠠᠩ ᠸᠧᠢ ᠨᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号