ᠤᠯᠠᠭᠠᠨᠬᠤᠳᠠ ᠭᠡᠷ ᠤᠨ ᠴᠠᠬᠢᠯᠭᠠᠨ ᠬᠡᠷᠡᠭᠰᠡᠯ ᠤᠨ ︽ᠬᠠᠭᠤᠴᠢᠨ ᠢᠶᠠᠷ ᠰᠢᠨ᠎ᠠ ᠶᠢ ᠰᠤᠯᠢᠬᠤ︾ ᠪᠠᠷ ᠠᠷᠠᠤᠨ ᠲᠤ ᠠᠰᠢᠬ ᠬᠦᠷᠳᠡᠭᠡᠵᠤ ᠪᠠᠶᠢᠨ᠎ᠠ
ᠨᠡᠶᠢᠲᠡᠯᠡᠭᠰᠡᠨ ᠴᠠᠭ᠄
2025/6/12
        ᠤᠶᠢᠷ᠎ᠠ ᠶᠢᠨ ᠡᠳᠤᠷ᠂ ᠤᠯᠠᠭᠠᠨᠬᠤᠳᠠ ᠶᠢᠨ ᠠᠵᠤ ᠦᠢᠯᠡᠳᠪᠤᠷᠢ ᠪᠠ ᠰᠤᠷᠠᠭ ᠵᠠᠩᠬᠢᠵᠢᠯᠳᠠ ᠶᠢᠨ ᠲᠤᠪᠴᠢᠶ᠎ᠠ ᠬᠤᠸᠠ ᠱᠧᠩ ᠴᠠᠬᠢᠯᠭᠠᠨ ᠬᠡᠷᠡᠭᠰᠡᠯ ᠤᠨ ᠲᠡᠯᠬᠡᠬᠦᠷ ᠲᠠᠢ ᠬᠠᠮᠳᠤᠷᠠᠨ ᠤᠯᠠᠭᠠᠨᠬᠤᠳᠠ ᠶᠢᠨ ᠲᠢᠶᠠᠨ ᠵᠢᠶᠤᠤ ᠵᠡᠭᠡᠯᠢ ᠶᠢᠨ ᠬᠤᠩ ᠭᠤᠸᠠᠩ ᠨᠡᠶᠢᠭᠡᠮ ᠲᠤᠭᠤᠷᠢᠭ ᠲᠤ ᠭᠡᠷ ᠤᠨ ᠴᠠᠬᠢᠯᠭᠠᠨ ᠬᠡᠷᠡᠭᠰᠡᠯ ᠤᠨ ︽ᠬᠠᠭᠤᠴᠢᠨ ᠢᠶᠠᠷ ᠰᠢᠨ᠎ᠠ ᠶᠢ ᠰᠤᠯᠢᠬᠤ︾ ᠠᠵᠢᠯᠯᠠᠭ᠎ᠠ ᠦᠷᠨᠢᠬᠦᠯᠵᠤ᠂ ᠰᠠᠭᠤᠭᠠᠯᠢ ᠠᠷᠠᠳ ᠲᠤ ᠠᠰᠢᠭ ᠬᠦᠷᠳᠡᠭᠡᠬᠦ ᠦᠢᠯᠡᠴᠢᠯᠡᠭᠡ ᠶᠢ ᠡᠳ᠋ᠯᠡᠬᠦᠯᠪᠡ᠃        ᠠᠵᠢᠯᠯᠠᠭᠠᠨ ᠤ ᠠᠬᠤᠢ ᠲᠠᠯᠠᠪᠠᠢ ᠳᠤ ᠭᠡᠷ ᠤᠨ ᠵᠢᠵᠢᠭ ᠴᠠᠬᠢᠯᠭᠠᠨ ᠬᠡᠷᠡᠭᠰᠡᠯ ᠤᠨ ᠲᠡᠯᠭᠡᠨ ᠦᠵᠡᠬᠦᠯᠭᠡ ᠶᠢᠨ ᠤᠷᠤᠨ ᠪᠠ ᠲᠦᠷᠥ ᠶᠢᠨ ᠪᠤᠳᠤᠯᠭ᠎ᠠ ᠶᠢᠨ ᠠᠰᠠᠭᠤᠨ ᠰᠤᠷᠠᠬᠤ ᠲᠠᠪᠴᠠᠩ ᠭᠠᠷᠭᠠᠵᠤ᠂ ᠠᠵᠢᠯᠳᠠᠨ ᠠᠴᠠ ᠰᠠᠭᠤᠭᠠᠯᠢ ᠠᠷᠠᠳ ᠲᠤ ᠬᠠᠭᠤᠴᠢᠨ ᠢᠶᠠᠷ ᠰᠢᠨ᠎ᠠ ᠶᠢ ᠰᠤᠯᠢᠬᠤ ᠨᠦᠬᠦᠪᠤᠷᠢ ᠶᠢᠨ ᠲᠦᠷᠥ ᠶᠢᠨ ᠪᠤᠳᠤᠯᠭ᠎ᠠ ᠶᠢ ᠬᠢᠨᠠᠮᠠᠭᠠᠢ ᠲᠠᠶᠢᠯᠪᠤᠷᠢᠯᠠᠬᠤ ᠶᠢᠨ ᠬᠠᠮᠳᠤ ᠬᠠᠮᠢᠶ᠎ᠠ ᠪᠦᠬᠦᠢ ᠭᠠᠷ ᠬᠦᠢᠴᠡᠳᠭᠡᠯ᠂ ᠨᠦᠬᠦᠪᠤᠷᠢ ᠶᠢ ᠭᠤᠶᠤᠴᠢᠯᠠᠬᠤ ᠵᠡᠷᠭᠡ ᠠᠰᠠᠭᠤᠳᠠᠯ ᠢ ᠬᠠᠷᠢᠭᠤᠯᠵᠤ ᠦᠭᠪᠡ᠃        ︽ᠮᠠᠨ ᠤ ᠭᠡᠷ ᠤᠨ ᠬᠦᠯᠳᠡᠭᠡᠭᠦᠷ ᠢᠶᠠᠨ ᠬᠡᠷᠡᠭᠯᠡᠭᠡᠳ 10 ᠵᠢᠯ ᠤᠶᠢᠷᠠᠳᠤᠯ᠎ᠠ᠂ ᠰᠢᠨ᠎ᠠ ᠬᠦᠯᠳᠡᠭᠡᠭᠦᠷ ᠰᠤᠯᠢᠬᠤ ᠭᠡᠵᠤ ᠪᠤᠳᠤᠵᠤ ᠪᠠᠶᠢᠳᠠᠯ᠎ᠠ ᠦᠨᠤᠳᠤᠷ ᠭᠡᠷ ᠤᠨ ᠡᠭᠦᠳᠡᠨ ᠳᠤ ᠬᠠᠭᠤᠴᠢᠨ ᠢᠶᠠᠷ ᠰᠢᠨ᠎ᠠ ᠶᠢ ᠰᠤᠯᠢᠬᠤ ᠲᠦᠷᠥ ᠶᠢᠨ ᠪᠤᠳᠤᠯᠭ᠎ᠠ ᠶᠢ ᠤᠬᠠᠭᠤᠯᠵᠤ᠂ ᠦᠨ᠎ᠠ ᠬᠠᠩᠰᠢ ᠨᠡᠯᠢᠶᠡᠳ ᠬᠢᠮᠳᠠᠷᠠᠵᠤ᠂ ᠬᠦᠯᠳᠡᠭᠡᠬᠦᠷ ᠠᠪᠬᠤ ᠪᠠᠷ ᠪᠡᠯᠡᠳᠭᠡᠵᠤ ᠪᠤᠢ︾ ᠭᠡᠵᠤ ᠰᠠᠭᠤᠭᠠᠯᠢ ᠠᠷᠠᠳ ᠴᠧᠩ ᠤᠪᠤᠭᠳᠤ ᠶᠠᠷᠢᠨ᠎ᠠ᠃        ᠤᠯᠠᠭᠠᠨᠬᠤᠳᠠ ᠪᠤᠬᠢᠷᠳᠤᠯ ᠦᠭᠡᠢ ᠬᠡᠷᠡᠭᠯᠡᠭᠡ ᠪᠠ ᠠᠷᠠᠳ ᠲᠤ ᠠᠰᠢᠭ ᠬᠦᠷᠳᠡᠭᠡᠬᠦ ᠶᠢ ᠤᠶᠠᠯᠳᠤᠭᠤᠯᠤᠨ᠂ ᠵᠠᠰᠠᠭ ᠤᠨ ᠤᠷᠳᠤᠨ ᠠᠵᠤ ᠠᠬᠤᠶᠢᠯᠠᠯ ᠬᠠᠮᠳᠤᠷᠠᠨ ᠨᠡᠶᠢᠭᠡᠮ ᠲᠤᠭᠤᠷᠢᠭ ᠲᠤ ᠤᠷᠤᠬᠤ ᠬᠡᠯᠪᠡᠷᠢ ᠪᠠᠷ ᠲᠠᠮᠵᠢᠨ ︽ᠬᠠᠭᠤᠴᠢᠨ ᠢᠶᠠᠷ ᠰᠢᠨ᠎ᠠ ᠶᠢ ᠰᠤᠯᠢᠬᠤ︾ ᠠᠵᠢᠯᠯᠠᠭ᠎ᠠ ᠶᠢ ᠪᠠᠳᠤᠳᠠᠢ ᠦᠷᠨᠢᠬᠦᠯᠵᠤ᠂ ᠬᠡᠷᠡᠭᠯᠡᠭᠴᠢᠳ ᠤᠨ ᠬᠦᠷᠳᠡᠮᠵᠢ ᠶᠢᠨ ᠲᠦᠷᠥᠭᠳᠡᠯ ᠢ ᠨᠡᠮᠡᠭᠳᠡᠬᠦᠯᠤᠯ᠎ᠠ᠃        ︽ᠭᠡᠷ ᠤᠨ ᠴᠠᠬᠢᠯᠭᠠᠨ ᠬᠡᠷᠡᠭᠰᠡᠯ ᠤᠨ ︿ᠬᠠᠭᠤᠴᠢᠨ ᠢᠶᠠᠷ ᠰᠢᠨ᠎ᠠ ᠶᠢ ᠰᠤᠯᠢᠬᠤ﹀ ᠶᠢ ᠨᠡᠶᠢᠭᠡᠮ ᠲᠤᠭᠤᠷᠢᠭ ᠲᠤ ᠤᠷᠤᠭᠤᠯᠬᠤ ᠨᠢ ᠤᠯᠤᠰ ᠤᠨ ︿ᠬᠤᠤᠰ ᠨᠡᠬᠦᠷᠡᠰᠥᠳᠥ᠋ᠷᠥᠭᠴᠢᠳᠤ﹀ ᠪᠠᠶᠢᠯᠳᠤᠬᠤ ᠪᠤᠳᠤᠯᠭ᠎ᠠ ᠪᠠ ᠪᠤᠬᠢᠷᠳᠤᠯ ᠦᠭᠡᠢ ᠬᠡᠷᠡᠭᠯᠡᠭᠡ ᠶᠢ ᠠᠬᠢᠭᠤᠯᠬᠤ ᠴᠢᠬᠤᠯᠠ ᠠᠷᠭ᠎ᠠ ᠠᠪᠴᠠᠯ ᠪᠤᠯᠤᠨ᠎ᠠ᠃ ᠲᠦᠷᠥ ᠶᠢᠨ ᠪᠤᠳᠤᠯᠭ᠎ᠠ ᠶᠢᠨ ᠨᠦᠬᠦᠪᠤᠷᠢ ᠪᠠᠷ ᠰᠠᠭᠤᠭᠠᠯᠢ ᠠᠷᠠᠳ ᠤᠨ ᠰᠢᠨ᠎ᠠ ᠭᠡᠷ ᠤᠨ ᠴᠠᠬᠢᠯᠭᠠᠨ ᠬᠡᠷᠡᠭᠰᠡᠯ ᠰᠤᠯᠢᠬᠤ ᠦᠪᠠᠷ ᠤᠨ ᠦᠷᠳᠡᠭ ᠢ ᠪᠠᠭᠠᠰᠬᠠᠵᠤ ᠴᠢᠳᠠᠨ᠎ᠠ᠂ ᠤᠳᠤᠬᠠᠨ ᠳᠤ ᠭᠡᠷ ᠤᠨ ᠴᠠᠬᠢᠯᠭᠠᠨ ᠬᠡᠷᠡᠭᠰᠡᠯ ᠤᠨ ᠤᠯᠤᠰ ᠤᠨ ᠨᠦᠬᠦᠪᠤᠷᠢ ᠨᠢ ᠬᠠᠮᠤᠭ ᠦᠨᠳᠤᠷ ᠲᠡᠭᠡᠨ 20% ᠳᠤ ᠲᠤᠯᠵᠤ᠂ ᠬᠠᠮᠤᠭ ᠦᠨᠳᠤᠷ ᠲᠡᠭᠡᠨ 2000 ᠲᠦᠬᠦᠷᠢᠭ ᠤᠨ ᠨᠦᠬᠦᠪᠤᠷᠢ ᠬᠦᠷᠳᠡᠨ᠎ᠠ ︾ ᠭᠡᠵᠤ ᠤᠯᠠᠭᠠᠨᠬᠤᠳᠠ ᠶᠢᠨ ᠠᠵᠤ ᠦᠢᠯᠡᠳᠪᠤᠷᠢ ᠪᠠ ᠰᠤᠷᠠᠭ ᠵᠠᠩᠬᠢᠵᠢᠯᠳᠠ ᠶᠢᠨ ᠲᠤᠪᠴᠢᠶ᠎ᠠ ᠶᠢᠨ ᠺᠠᠳ᠋ᠷ ᠸᠠᠩ ᠰᠤ᠋ ᠶᠠᠩ ᠲᠠᠨᠢᠯᠴᠠᠭᠤᠯᠤᠨ ᠬᠡᠯᠡᠪᠡ᠃ ︵ᠯᠢ ᠲᠦᠩ ᠸᠠᠩ ᠫᠢᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号