| | ᠣᠶᠢᠷ᠎ᠠ ᠶᠢᠨ ᠵᠢᠯ ᠳᠤ᠂ ᠤᠯᠠᠭᠠᠨᠬᠤᠲᠠ ᠠᠷᠠᠳ ᠤᠨ ᠠᠮᠢᠳᠤᠷᠠᠯ ᠢᠶᠠᠷ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠬᠡᠮᠵᠢᠭᠦᠷ ᠪᠣᠯᠭᠠᠵᠤ᠂ ︽ᠭᠤᠤᠯ ᠰᠤᠨᠳᠠᠯᠠᠭᠰᠠᠨ ᠵᠠᠮ ᠬᠠᠷᠢᠯᠴᠠᠭ᠎ᠠ︾ ᠶᠢ ᠨᠡᠪᠲᠡᠷᠡᠭᠦᠯᠬᠦ ᠠᠴᠠ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠬᠦᠷᠲᠡᠯ᠎ᠡ᠂ ︽ᠨᠠᠷᠢᠯᠢᠭ | ᠣᠨᠣᠴᠠᠲᠠᠶ ᠪᠠᠷ ᠪᠣᠳᠤᠯᠭ᠎ᠠ ᠬᠡᠷᠡᠭᠵᠢᠭᠦᠯᠬᠦ︾ ᠪᠠᠷ ᠳᠠᠮᠵᠢᠨ ᠠᠷᠠᠳ ᠤᠨ ᠠᠮᠢᠳᠤᠷᠠᠯ ᠤᠨ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠢ ᠵᠣᠯ ᠵᠢᠷᠭᠠᠯᠲᠤ ᠵᠢᠷᠤᠭ ᠪᠣᠯᠭᠠᠨ ᠬᠤᠪᠢᠷᠠᠭᠤᠯᠵᠤ᠂ ᠬᠤᠲᠠ ᠶᠢᠨ ᠬᠥᠭᠵᠢᠯᠲᠡ | ᠳᠤ ᠬᠦᠴᠦᠨ ᠨᠡᠮᠡᠷᠢᠯᠡᠪᠡ᠃ | ᠵᠠᠰᠠᠭᠲᠤ ᠵᠡᠭᠡᠯᠢ ᠶᠢᠨ ᠲᠤᠭᠤᠷ ᠤᠨ ᠭᠤᠣᠯ ᠢ ᠰᠤᠨᠳᠠᠯᠠᠬᠤ ᠶᠡᠭᠡ ᠬᠥᠭᠦᠷᠭᠡ ᠶᠢᠨ ᠲᠦᠷᠦᠯ ᠵᠦᠢᠯ ᠤᠨ | ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠡᠮᠬᠢ ᠵᠢᠷᠤᠮ ᠲᠠᠢ ᠠᠵᠢᠯᠯᠠᠨ᠎ᠠ᠃ ᠪᠠᠷᠢᠯᠭ᠎ᠠ ᠶᠢᠨ | ᠠᠵᠢᠯᠲᠠᠨ ᠤ ᠠᠵᠢᠯ ᠤᠨ ᠬᠤᠪᠢᠶᠠᠷᠢᠯᠠᠯ ᠲᠣᠳᠣᠷᠬᠠᠢ᠂ ᠬᠡᠰᠡᠭ ᠠᠵᠢᠯᠴᠢᠳ ᠭᠠᠩᠨᠠᠯᠲᠠ ᠶᠢᠨ ᠠᠵᠢᠯ ᠬᠢᠵᠦ᠂ | ᠨᠥᠭᠦᠭᠡ ᠨᠢᠭᠡ ᠳᠤᠭᠤᠶᠢᠯᠠᠩ ᠨᠢ ᠪᠠᠭᠠᠵᠢ ᠬᠡᠷᠡᠭᠰᠡᠯ ᠢᠶᠠᠨ ᠪᠠᠷᠢᠵᠤ ᠳᠦᠷᠢᠮᠵᠢᠭᠦᠨ ᠠᠵᠢᠯᠯᠠᠵᠤ᠂ ᠪᠣᠯᠣᠳ ᠪᠦᠷᠢ ᠶᠢ | ᠪᠠᠲᠤ ᠪᠠᠬᠢ ᠲᠡᠷᠢ ᠲᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠲᠤᠬᠠᠢ ᠶᠢᠨ ᠲᠠᠯᠠᠪᠠᠢ ᠳᠤ ᠮᠠᠰᠢᠨ ᠮᠧᠬᠠᠨᠢᠭ | ᠬᠦᠩᠭᠢᠨᠡᠵᠦ᠂ ᠡᠯ᠎ᠡ ᠭᠤᠭᠴᠤᠭ᠎ᠠ ᠶᠢ ᠠᠪᠤᠴᠠᠯᠳᠤᠭᠤᠯᠤᠨ᠂ ᠶᠠᠭᠠᠷᠠᠯᠲᠠᠢ ᠪᠦᠭᠡᠳ ᠡᠮᠬᠢ ᠵᠢᠷᠤᠮ ᠲᠠᠢ ᠪᠠᠶᠢᠯ᠎ᠠ᠃ | ᠣᠳᠣᠬᠠᠨ ᠳᠤ᠂ ᠵᠠᠰᠠᠭᠲᠤ ᠵᠡᠭᠡᠯᠢ ᠶᠢᠨ ᠲᠤᠭᠤᠷ ᠤᠨ ᠭᠤᠤᠯ ᠢ ᠰᠤᠨᠳᠠᠯᠠᠭᠰᠠᠨ ᠶᠡᠭᠡ ᠬᠥᠭᠦᠷᠭᠡ ᠶᠢᠨ | ᠲᠥᠷᠥᠯ ᠵᠦᠢᠯ ᠶᠠᠭ ᠰᠠᠶ᠋ᠢᠬᠠᠨ ᠬᠥᠬᠦᠷᠭᠡᠨ ᠨᠢᠷᠤᠭᠤ ᠶᠢ ᠴᠢᠳᠬᠤᠨ ᠪᠠᠶᠢᠭᠤᠯᠵᠤ᠂ ᠪᠦᠬᠦᠯᠢ ᠬᠥᠭᠦᠷᠭᠡ ᠶᠢᠨ | ᠪᠠᠷᠢᠯᠭ᠎ᠠ ᠶᠢᠨ ᠠᠵᠢᠯ ᠢ ᠡᠨᠡ ᠵᠢᠯ ᠤᠨ ᠳᠣᠲᠣᠷ᠎ᠠ ᠪᠡᠶᠡᠯᠡᠭᠦᠯᠬᠦ ᠪᠠᠷ ᠲᠥᠯᠥᠪᠯᠡᠵᠦ ᠪᠣᠶ᠃ ︽ᠡᠨᠡ ᠬᠦ ᠬᠥᠭᠦᠷᠭᠡ | ᠲᠠᠯᠪᠢᠭᠳᠠᠭᠰᠠᠨ ᠤ ᠳᠠᠷᠠᠭ᠎ᠠ᠂ ᠤᠯᠠᠭᠠᠨᠬᠤᠲᠠ ᠶᠢᠨ ᠵᠠᠮ ᠬᠠᠷᠢᠯᠴᠠᠭᠠᠨ ᠤ ᠪᠠᠶᠢᠳᠠᠯ ᠢ ᠶᠡᠭᠡ ᠪᠠᠷ ᠰᠠᠶᠢᠵᠢᠷᠠᠭᠤᠯᠵᠤ᠂ | ᠣᠲᠣ ᠶᠢᠨ ᠭᠤᠤᠯ ᠰᠤᠨᠳᠠᠯᠠᠭᠰᠠᠨ ᠬᠥᠭᠦᠷᠭᠡ ᠶᠢᠨ ᠵᠠᠮ ᠬᠠᠷᠢᠯᠴᠠᠭᠠᠨ ᠤ ᠳᠠᠷᠤᠯᠲᠠ ᠶᠢ ᠪᠦᠲᠦᠮᠵᠢᠲᠡᠶ | ᠨᠠᠮᠳᠠᠭᠤᠯᠬᠤ ᠪᠠᠷ ᠪᠠᠷᠠᠬᠤ ᠥᠬᠡᠶ᠂ ᠪᠠᠰᠠ ᠬᠤᠲᠠ ᠶᠢᠨ ᠲᠣᠭᠤᠷᠢᠭ ᠠᠴᠠ ᠲᠤᠭᠤᠷ ᠤᠨ ᠭᠤᠤᠯ ᠤᠨ ᠡᠷᠭᠢ ᠳᠤ | ᠬᠦᠷᠬᠦ ᠴᠠᠭ ᠢ ᠬᠠᠭᠠᠰ ᠢᠶᠠᠷ ᠪᠣᠭᠤᠨᠢᠰᠬᠠᠵᠤ ᠪᠣᠯᠤᠨ᠎ᠠ᠃ ᠪᠢᠳᠡ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠶᠠᠰᠤ | ᠴᠢᠨᠠᠷ ᠢ ᠴᠢᠩᠭᠠᠳᠬᠠᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠳᠤ ᠨᠠᠩ ᠣᠯᠠᠨ ᠠᠮᠢᠵᠢᠷᠠᠯ ᠤᠨ ᠬᠦᠴᠦᠨ | ᠨᠡᠮᠡᠷᠢᠯᠡᠨ᠎ᠡ︾ ᠭᠡᠵᠦ ᠤᠯᠠᠭᠠᠨᠬᠤᠲᠠ ᠶᠢᠨ ᠵᠠᠰᠠᠭᠲᠤ ᠵᠡᠭᠡᠯᠢ ᠶᠢᠨ ᠲᠤᠭᠤᠷ ᠤᠨ ᠭᠤᠣᠯ ᠢ ᠰᠤᠨᠳᠠᠯᠠᠭᠰᠠᠨ ᠶᠡᠭᠡ | ᠬᠥᠭᠦᠷᠭᠡ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠵᠠᠩ ᡁᠢ ᠮᠢᠨ ᠬᠡᠯᠡᠪᠡ᠃ | ᠤᠯᠠᠭᠠᠨᠬᠤᠲᠠ ᠶᠢᠨ ᠵᠠᠰᠠᠭᠲᠤ ᠵᠡᠭᠡᠯᠢ ᠶᠢᠨ ᠲᠤᠭᠤᠷ ᠤᠨ ᠭᠤᠣᠯ ᠢ ᠰᠤᠨᠳᠠᠯᠠᠭᠰᠠᠨ ᠶᠡᠭᠡ ᠬᠥᠭᠦᠷᠭᠡ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠣᠯ ᠬᠤᠳᠠ ᠶᠢ ᠬᠤᠯᠪᠣᠭᠰᠠᠨ ᠵᠠᠮ ᠬᠠᠷᠢᠯᠴᠠᠭᠠᠨ ᠤ ᠬᠤᠯᠪᠤᠭᠠᠰᠤ | ᠪᠣᠯᠬᠤ ᠪᠠᠷ ᠪᠠᠷᠠᠬᠤ ᠦᠭᠡᠢ᠂ ᠨᠡᠩ ᠴᠤ ᠬᠤᠳᠠ ᠶᠢᠨ ᠬᠥᠭᠵᠢᠯᠲᠡ ᠶᠢ ᠳᠠᠶᠢᠴᠢᠯᠠᠬᠤ ᠴᠣ ᠰᠢᠨ᠎ᠡ ᠬᠥᠳᠡᠯᠭᠡᠭᠦᠷ | ᠪᠣᠯᠤᠨ᠎ᠠ᠃ ᠶᠡᠭᠡ ᠬᠥᠭᠦᠷᠭᠡ ᠨᠢ ᠪᠠᠷᠠᠭᠤᠨᠰᠢ ᠪᠠᠨ ᠠᠶᠢᠭᠦ᠋ᠸᠧ ᠵᠠᠮ ᠠᠴᠠ ᠡᠬᠢᠯᠡᠨ᠂ ᠵᠡᠭᠦᠨᠰᠢ ᠪᠢᠨ ᠾᠧ ᠬᠤᠶᠢᠲᠤ | ᠵᠠᠮ ᠬᠦᠷᠴᠦ᠂ ᠪᠥᠬᠦ ᠣᠷᠳᠣ ᠨᠢ 586.4 ᠮᠧᠲᠷ᠂ ᠥᠷᠭᠡᠨ ᠨᠢ 33 ᠮᠧᠲᠷ ᠪᠠᠶᠢᠵᠤ᠂ ᠬᠤᠲᠠ ᠶᠢᠨ ᠭᠤᠤᠯ | ᠵᠠᠮ ᠤᠨ ᠪᠠᠷᠢᠮᠵᠢᠶ᠎ᠠ ᠪᠠᠷ ᠨᠠᠷᠢᠨ ᠨᠢᠮᠪᠠᠶ ᠪᠥᠲᠥᠭᠡᠨ ᠪᠠᠶᠢᠭᠤᠯᠵᠤ᠂ ᠬᠤᠤᠰ ᠴᠢᠭᠯᠡᠯ ᠢᠶᠠᠷ ᠵᠢᠷᠭᠤᠭᠠᠨ ᠲᠡᠷᠭᠡᠨ ᠵᠠᠮ | ᠵᠢᠷᠤᠵᠤ ᠲᠥᠯᠥᠪᠯᠡᠨ᠂ ᠲᠡᠷᠭᠡᠨ ᠤ ᠤᠷᠤᠰᠬᠠᠯ ᠢ ᠰᠠᠯᠭᠠᠬᠤ ᠦᠷ᠎ᠡ ᠪᠦᠲᠦᠮᠵᠢ ᠶᠢ 40% ᠠᠴᠠ ᠳᠡᠭᠡᠭᠰᠢ | ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠴᠢᠳᠠᠪᠤᠷᠢ ᠶᠢ ᠲᠠᠰ ᠳᠡᠪᠰᠢᠭᠦᠯᠬᠦ ᠪᠠᠷ ᠳᠠᠮᠵᠢᠨ ᠬᠤᠲᠠ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠠᠭᠠᠨᠬᠤᠲᠠ ᠶᠢᠨ ᠬᠤᠲᠠ ᠶᠢᠨ ᠪᠥᠲᠥᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠠᠮᠢᠳᠤᠯᠢᠭ | ᠵᠢᠱᠢᠶ᠎ᠡ ᠪᠣᠯᠤᠭᠰᠠᠨ ᠪᠠᠶᠢᠨ᠎ᠠ᠃ | ᠵᠠᠮ ᠬᠠᠷᠢᠯᠴᠠᠭᠠᠨ ᠤ ᠲᠥᠷᠥᠯ ᠵᠦᠢᠯ ᠬᠦᠷ ᠬᠥᠭᠵᠢᠶᠡᠨ ᠲᠠᠢ ᠶᠠᠪᠤᠭᠳᠠᠵᠤ ᠪᠠᠶᠢᠬᠤ ᠶᠢᠨ ᠬᠠᠮᠲᠤ᠂ | ᠤᠯᠠᠭᠠᠨᠬᠤᠲᠠ ᠶᠢᠨ ᠬᠢᠨ ᠦᠷᠭᠦᠯᠵᠢᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠠᠢ ᠶᠢᠨ ᠪᠥᠲᠥᠭᠡᠨ | ᠪᠠᠶᠢᠭᠤᠯᠤᠯᠲᠠ ᠶᠢ ᠴᠦ ᠴᠢᠩᠭᠠᠳᠬᠠᠵᠤ ᠪᠠᠶᠢᠨ᠎ᠠ᠃ ᠤᠯᠠᠭᠠᠨᠬᠤᠲᠠ ᠶᠢᠨ ᠦ᠋ ᠢ ᠵᠡᠭᠡᠯᠢ ᠶᠢᠨ ᠳᠠᠶᠢᠴᠢᠨ ᠨᠡᠶᠢᠭᠡᠮ | ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ︵ᠪᠦᠷᠢᠨ ᠪᠦᠲᠦᠨ ᠣᠷᠣᠨ ᠰᠠᠭᠤᠴᠠ ᠶᠢᠨ ᠨᠡᠶᠢᠭᠡᠮ ᠲᠣᠭᠤᠷᠢᠭ ᠤᠨ | ᠪᠥᠲᠥᠭᠡᠨ ᠪᠠᠶᠢᠭᠤᠯᠤᠯᠲᠠ︶ ᠤᠨ ᠲᠥᠷᠥᠯ ᠵᠦᠢᠯ ᠤᠨ ᠰᠢᠨ᠎ᠡ ᠪᠠᠷ ᠪᠠᠶᠢᠭᠤᠯᠬᠤ ᠢᠨᠵᠧᠨᠧᠷᠢᠩ ᠤᠨ ᠪᠠᠷᠢᠯᠭ᠎ᠠ ᠶᠢᠨ | ᠲᠤᠬᠠᠶ ᠶᠢᠨ ᠲᠠᠯᠠᠪᠠᠶ ᠳᠤ᠂ ᠪᠠᠷᠢᠯᠭ᠎ᠠ ᠶᠢᠨ ᠲᠠᠯ᠎ᠠ ᠶᠢᠨ ᠬᠢᠨ ᠶᠠᠭ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠵᠤ᠂ | ᠬᠦᠨᠳᠦ ᠬᠡᠯᠪᠡᠷᠢ ᠶᠢᠨ ᠮᠠᠰᠢᠨ ᠮᠧᠬᠠᠨᠢᠭ ᠢᠶᠠᠷ ᠪᠣᠯᠠᠵᠤ ᠪᠥᠭᠯᠡᠬᠦ ᠠᠵᠢᠯ ᠬᠢᠵᠦ᠂ ᠪᠠᠷᠢᠯᠭ᠎ᠠ ᠶᠢᠨ ᠠᠵᠢᠯᠲᠠᠳ ᠬᠦᠷᠵᠡ | ᠪᠠᠷᠢᠵᠤ ᠰᠢᠷᠣᠶ ᠶᠢ ᠨᠠᠷᠢᠨ ᠨᠢᠮᠪᠠᠶ ᠲᠡᠭᠰᠢᠯᠡᠵᠦ᠂ ᠬᠡᠰᠡᠭ ᠠᠵᠢᠯᠴᠢᠳ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠣᠯᠣᠳ ᠢ | ᠤᠶᠠᠵᠤ᠂ ᠣᠯᠠᠨ ᠲᠠᠯ᠎ᠠ ᠪᠠᠷ ᠬᠠᠮᠵᠢᠯᠴᠠᠨ ᠠᠵᠢᠯᠯᠠᠵᠤ᠂ ᠬᠤᠲᠠ ᠶᠢᠨ ᠠᠷᠠᠳ ᠤᠨ ᠠᠮᠢᠳᠤᠷᠠᠯ ᠤᠨ ᠢᠨᠵᠧᠨᠧᠷᠢᠩ ᠢ | ᠲᠦᠷᠭᠡᠳᠬᠡᠨ ᠠᠬᠢᠭᠤᠯᠤᠨ᠎ᠠ᠃ | ︽ᠡᠦ ᠢ ᠵᠡᠭᠡᠯᠢ ᠶᠢᠨ ᠳᠠᠶᠢᠴᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠲᠠᠯᠠᠪᠠᠢ | ᠪᠠᠶᠢᠭᠤᠯᠤᠭᠳᠠᠭᠰᠠᠨ ᠤ ᠳᠠᠷᠠᠭ᠎ᠠ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠡᠷᠡᠭᠦᠯ ᠮᠡᠨᠳᠦ ᠶᠢᠨ | ᠬᠠᠮᠢᠶᠠᠷᠤᠯᠲᠠ᠂ ᠰᠣᠶᠣᠯ ᠰᠡᠯᠡᠭᠦᠴᠡᠯ ᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠨᠠᠰᠤᠵᠢᠯ ᠤᠨ | ᠠᠰᠠᠷᠠᠮᠵᠢ ᠶᠢᠨ ᠲᠠᠯᠠᠪᠠᠢ ᠪᠣᠯᠵᠤ᠂ ᠨᠠᠰᠤᠲᠠᠶᠢᠴᠤᠳ ᠲᠤ ᠦᠨᠡᠨ ᠬᠦ ᠳᠦᠭᠦᠮ ᠦᠵᠡᠭᠦᠯᠦᠨ᠎ᠡ᠃ ᠪᠠᠷᠢᠯᠭ᠎ᠠ ᠶᠢᠨ | ᠶᠠᠪᠤᠴᠠ ᠳᠤ᠂ ᠪᠢᠳᠡ ᠶᠠᠰᠤ ᠴᠢᠨᠠᠷ ᠢ ᠴᠢᠩᠭ᠎ᠠ ᠡᠵᠡᠮᠳᠡᠵᠦ᠂ ᠲᠥᠷᠥᠯ ᠵᠦᠢᠯ ᠢ ᠠᠮᠤᠷ ᠲᠦᠪᠰᠢᠨ ᠡᠮᠬᠢ | ᠵᠢᠷᠤᠮ ᠲᠠᠢ ᠠᠬᠢᠭᠤᠯᠬᠤ ᠶᠢ ᠪᠠᠲᠤᠯᠠᠵᠤ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠪᠣᠯᠤᠨ ᠵᠣᠯ | ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠬᠥᠭᠵᠢᠯᠲᠡ ᠳᠤ ᠨᠠᠩ ᠣᠯᠠᠨ | ᠠᠷᠠᠳ ᠤᠨ ᠠᠮᠢᠳᠤᠷᠠᠯ ᠤᠨ ᠬᠦᠴᠦᠨ ᠨᠡᠮᠡᠷᠢᠯᠡᠨ᠎ᠡ︾ ᠬᠡᠵᠦ ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠠᠳᠠᠯ ᠠᠬᠤᠶ ᠶᠢᠨ ᠦᠢᠯᠡᠴᠢᠯᠡᠭᠡᠨ ᠤ ᠲᠥᠪ ᠤᠨ | ᠢᠨᠵᠧᠨᠧᠷᠢᠩ ᠤᠨ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ ᠪᠠᠭᠠᠲᠤᠷ ᠬᠡᠯᠡᠪᠡ᠃ | ᠤᠯᠠᠭᠠᠨᠬᠤᠲᠠ ᠶᠢᠨ ᠦ᠋ ᠢ ᠵᠡᠭᠡᠯᠢ ᠶᠢᠨ ᠳᠠᠶᠢᠴᠢᠨ ᠨᠡᠶᠢᠭᠡᠮ ᠲᠣᠭᠤᠷᠢᠭ ᠤᠨ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ︵ᠪᠦᠷᠢᠨ | ᠪᠦᠲᠦᠨ ᠣᠷᠣᠨ ᠰᠠᠭᠤᠴᠠ ᠶᠢᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ︶ ᠤᠨ ᠲᠥᠷᠥᠯ ᠵᠦᠢᠯ ᠤᠨ | ᠰᠢᠨ᠎ᠡ ᠪᠠᠷ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠨᠢ ᠦ᠋ ᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ | ᠪᠠᠶᠢᠭᠤᠯᠭ᠎ᠠ ᠶᠢᠨ ᠠᠯᠪᠠᠨ ᠠᠰᠠᠷ ᠤᠨ ᠡᠮᠦᠨ᠎ᠡ ᠪᠠᠶᠢᠷᠢᠯᠠᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 1800 ᠲᠡᠭᠰᠢ | ᠳᠥᠷᠪᠡᠯᠵᠢᠨ ᠮᠧᠲᠷ ᠪᠠᠶᠢᠵᠤ᠂ ᠨᠡᠶᠢᠲᠡ ᠭᠤᠷᠪᠠᠨ ᠳᠠᠪᠬᠤᠷ᠂ ᠡᠷᠡᠭᠦᠯ ᠮᠡᠨᠳᠦ ᠶᠢᠨ ᠰᠤᠪᠢᠯᠠᠯᠲᠠ ᠶᠢᠨ ᠥᠷᠲᠡᠭᠡ᠂ | ᠨᠠᠰᠤᠲᠠᠶᠢᠴᠤᠳ ᠤᠨ ᠦᠢᠯᠡᠴᠢᠯᠡᠭᠡᠨ ᠤ ᠲᠣᠭᠤᠷᠢᠭ᠂ ᠦᠢᠯᠡᠴᠢᠯᠡᠭᠡᠨ ᠤ ᠲᠢᠩᠬᠢᠮ᠂ ᠰᠣᠶᠣᠯ ᠲᠠᠮᠢᠷ ᠤᠨ ᠲᠥᠪ᠂ | ᠬᠠᠮᠲᠤ ᠪᠠᠷ ᠡᠳ᠋ᠯᠡᠬᠦ ᠨᠣᠮ ᠪᠢᠴᠢᠭ ᠤᠨ ᠲᠠᠰᠤᠭ᠂ ᠰᠣᠶᠣᠯ ᠤᠨ ᠶᠣᠰᠣᠯᠠᠯ ᠤᠨ ᠲᠢᠩᠬᠢᠮ ᠵᠡᠷᠭᠡ ᠪᠣᠶ᠃ ᠲᠥᠷᠥᠯ | ᠵᠦᠢᠯ ᠢ ᠨᠢ 2025 ᠣᠨ ᠤ 4 ᠰᠠᠷ᠎ᠠ ᠶᠢᠨ 10 ᠤ ᠡᠳᠦᠷ ᠠᠴᠠ ᠪᠠᠷᠢᠯᠭ᠎ᠠ ᠡᠬᠢᠯᠡᠭᠦᠯᠵᠦ᠂ 2025 ᠣᠨ ᠤ | 12 ᠰᠠᠷ᠎ᠠ ᠳᠤ ᠪᠥᠲᠥᠭᠡᠨ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠨᠠᠰᠤᠲᠠᠶᠢᠴᠤᠳ 5 ᠠᠴᠠ 10 ᠮᠢᠨᠦ᠋ᠲ ᠠᠯᠬᠤᠪᠠᠯ | ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠬᠦᠷᠴᠦ ᠳᠡᠶᠢᠯᠦᠨ᠎ᠡ᠃ | ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠦ᠋ ᠢ ᠵᠡᠭᠡᠯᠢ ᠶᠢᠨ ᠳᠠᠶᠢᠴᠢᠨ ᠨᠡᠶᠢᠭᠡᠮ ᠲᠣᠭᠤᠷᠢᠭ ᠣᠲᠣ 22 | ᠰᠠᠭᠤᠭᠠᠯᠢ ᠠᠷᠠᠳ ᠤᠨ ᠲᠣᠭᠤᠷᠢᠭ ᠲᠠᠢ᠂ ᠡᠭᠦᠨ ᠳᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠡᠵᠡᠯᠡᠬᠦ | ᠬᠠᠷᠢᠴᠠᠯ ᠨᠢ 90% ᠳᠤ ᠬᠦᠷᠴᠡᠶ᠃ ᠣᠳᠣ ᠰᠠᠭᠤᠭᠠᠯᠢ ᠠᠷᠠᠳ 3074 ᠡᠷᠦᠬᠡ᠂ 5848 ᠬᠥᠮᠦᠨ ᠲᠠᠢ᠂ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 1459 ᠬᠥᠮᠦᠨ ᠪᠠᠶᠢᠵᠤ᠂ ᠨᠡᠶᠢᠭᠡᠮ ᠲᠣᠭᠤᠷᠢᠭ ᠤᠨ ᠶᠡᠷᠦᠩᠬᠡᠶ | ᠬᠥᠮᠦᠨ ᠠᠮᠠ ᠶᠢᠨ 24.94% ᠶᠢ ᠡᠵᠡᠯᠡᠵᠦ ᠪᠠᠶᠢᠨ᠎ᠠ᠃ ᠨᠡᠶᠢᠭᠡᠮ ᠲᠣᠭᠤᠷᠢᠭ ᠤᠨ ᠳᠣᠲᠣᠷ᠎ᠠ ᠨᠠᠰᠤᠵᠢᠯ ᠤᠨ | ᠪᠠᠶᠢᠭᠤᠯᠤᠮᠵᠢ᠂ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡ ᠳᠤ ᠬᠡᠷᠡᠭᠯᠡᠬᠦ ᠭᠡᠷ ᠪᠠᠶᠢᠰᠢᠩ ᠵᠢᠴᠢ | ᠨᠠᠰᠤᠲᠠᠶᠢᠴᠤᠳ ᠲᠤ ᠲᠣᠬᠢᠷᠠᠬᠤ ᠲᠥᠬᠦᠭᠡᠷᠦᠮᠵᠢ ᠪᠠᠷ ᠳᠤᠲᠠᠮᠠᠭ ᠪᠣᠯᠬᠤᠷ ᠤᠯᠠᠭᠠᠨᠬᠤᠲᠠ ᠨᠢ ᠨᠠᠰᠤᠵᠢᠯ ᠤᠨ | ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠢᠶ᠎ᠠ ᠣᠷᠣᠨ ᠤ ᠨᠠᠰᠤᠲᠠᠶᠢᠴᠤᠳ ᠤᠨ ᠡᠷᠡᠭᠦᠯ | ᠮᠡᠨᠳᠦ ᠡᠷᠡᠭᠦᠯᠵᠢᠯ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ | ᠲᠠᠯ᠎ᠠ ᠶᠢᠨ ᠬᠡᠷᠡᠭᠴᠡᠭᠡ ᠶᠢ ᠬᠠᠩᠭᠠᠵᠤ ᠪᠠᠶᠢᠨ᠎ᠠ᠃ | ᠲᠤᠭᠤᠷ ᠤᠨ ᠭᠤᠣᠯ ᠰᠤᠨᠳᠠᠯᠠᠭᠰᠠᠨ ᠶᠡᠭᠡ ᠬᠥᠭᠦᠷᠭᠡ ᠠᠴᠠ ᠨᠠᠰᠤᠵᠢᠯ ᠤᠨ ᠠᠰᠠᠷᠠᠮᠵᠢ ᠶᠢᠨ ᠲᠥᠪ ᠤᠨ | ᠪᠠᠶᠢᠭᠤᠯᠤᠯᠲᠠ᠂ ᠤᠯᠠᠭᠠᠨᠬᠤᠲᠠ ᠶᠠᠭ ᠠᠷᠠᠳ ᠤᠨ ᠠᠮᠢᠳᠤᠷᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ | ᠬᠤᠳᠠ ᠶᠢᠨ ᠬᠥᠭᠵᠢᠯᠲᠡ ᠶᠢᠨ ᠵᠣᠯ ᠵᠢᠷᠭᠠᠯᠲᠤ ᠲᠣᠣᠷ ᠢ ᠴᠣᠭᠴᠠᠯᠠᠵᠤ ᠪᠠᠶᠢᠨ᠎ᠠ᠃ ᠡᠳᠡᠭᠡᠷ ᠤᠯᠠᠨ ᠲᠦᠮᠡᠨ ᠤ | ᠬᠦᠰᠡᠯ ᠡᠷᠡᠮᠡᠯᠵᠡᠯ ᠢ ᠠᠴᠢᠶᠠᠯᠠᠵᠤ ᠪᠠᠶᠢᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯ ᠬᠤᠳᠠ ᠶᠢᠨ ᠪᠦᠳᠦᠭᠡᠨ | ᠪᠠᠶᠢᠭᠤᠯᠤᠯᠲᠠ ᠶᠢᠨ ᠬᠥᠰᠢᠶ᠎ᠡ ᠲᠡᠮᠳᠡᠭ ᠪᠣᠯᠬᠤ ᠪᠠᠷ ᠪᠠᠷᠠᠬᠤ ᠦᠭᠡᠢ᠂ ᠨᠡᠩ ᠴᠤ ︽ᠠᠷᠠᠳ ᠤᠨ ᠬᠤᠳᠠ ᠨᠢ ᠠᠷᠠᠳ | ᠲᠦᠮᠡᠨ ᠤ ᠲᠥᠯᠥᠭᠡ ᠪᠠᠶᠢᠬᠤ︾ ᠤᠢᠢᠯᠠᠭᠠᠭᠳᠠᠬᠤᠨ ᠤ ᠠᠮᠢᠳᠤᠯᠢᠭ ᠦᠢᠯᠡᠳᠦᠯᠭᠡ ᠪᠠᠶᠢᠵᠤ᠂ ᠬᠥᠭᠵᠢᠯᠲᠡ ᠶᠢᠨ | ᠦᠷ᠎ᠡ ᠪᠦᠲᠦᠭᠡᠯ ᠢ ᠦᠨᠡᠨ ᠬᠦ ᠡᠳ᠋ᠯᠡᠵᠦ ᠳᠡᠶᠢᠯᠬᠦ ᠪᠣᠯᠭᠠᠵᠤ ᠪᠠᠶᠢᠨ᠎ᠠ᠃ |