| ︽ᠬᠤᠳᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠭᠡᠶᠢᠯᠡᠨ ᠵᠠᠰᠠᠬᠤ ᠲᠦᠪ ᠤᠨ ᠵᠤᠬᠢᠴᠠᠭᠤᠯᠭ᠎ᠠ | ᠳᠡᠮᠵᠢᠯᠭᠡ ᠪᠠᠷ ᠮᠠᠨᠤᠰ ᠢ ᠭᠤᠷᠪᠠᠨ ᠵᠢᠯ ᠵᠤᠪᠠᠭᠠᠬᠰᠠᠨ ᠲᠦᠪᠡᠭ ᠲᠠᠢ ᠠᠰᠠᠭᠤᠳᠠᠯ ᠡᠴᠤᠰ ᠲᠤ ᠪᠠᠨ | ᠰᠶᠢᠳᠪᠦᠷᠢᠯᠡᠭᠳᠠᠯᠠ᠂ ᠡᠶᠡᠳᠡᠭᠦᠯᠦᠭᠴᠢ ᠠᠵᠢᠯᠳᠡᠨ ᠳᠤ ᠲᠠᠯᠠᠷᠬᠠᠵᠤ ᠪᠠᠶᠢᠨ᠎ᠠ︕︾ ᠭᠡᠵᠦ ᠬᠤᠲᠠ ᠶᠢᠨ ᠠᠷᠠᠳ ᠪᠠᠶ | ᠠᠪᠤᠭᠠᠢ ᠬᠠᠯᠠᠮᠰᠢᠯ ᠤᠲᠠᠰᠤ ᠪᠠᠷ ᠳᠠᠮᠵᠢᠨ ᠠᠵᠢᠯᠳᠡᠨ ᠳᠤ ᠳᠠᠯᠠᠷᠬᠠᠬᠰᠠᠨ ᠰᠡᠳᠬᠢᠯᠭᠡ ᠪᠠᠨ ᠢᠯᠡᠳᠭᠡᠨ᠎ᠠ᠃ | ᠤᠶᠢᠯᠠᠭᠠᠯᠳᠠ ᠪᠠᠷ᠂ ᠬᠤᠳᠠ ᠶᠢᠨ ᠠᠷᠠᠳ ᠪᠠᠶ ᠠᠪᠤᠭᠠᠶ ᠶᠢᠨ ᠰᠠᠭᠤᠵᠤ ᠪᠠᠶᠢᠭ᠎ᠠ ᠠᠰᠠᠷ ᠤᠨ ᠨᠢᠭᠡᠴᠢ ᠶᠢᠨ | ᠡᠬᠦᠳᠡ ᠶᠢᠨ ᠳᠤᠬᠢᠷᠠᠭᠤᠯᠤᠯᠳᠠ ᠨᠢ ᠵᠤᠬᠢᠰ ᠦᠭᠡᠢ ᠠᠴᠠ ᠵᠤᠨ ᠤ ᠤᠯᠠᠷᠢᠯ ᠳᠤ ᠪᠣᠷᠣᠭᠠᠨ ᠤᠷᠤᠬᠤ ᠪᠤᠯᠭᠠᠨ ᠤᠰᠦ | ᠬᠤᠷᠠᠵᠤ᠂ ᠶᠠᠪᠤᠵᠤ ᠰᠠᠭᠤᠬᠤ ᠶᠢ ᠨᠢ ᠬᠦᠨᠳᠦ ᠨᠣᠴᠢᠲᠠᠶ ᠬᠠᠷᠰᠢᠯᠠᠵᠦ ᠪᠠᠶᠢᠯ᠎ᠠ᠃ 2022 ᠣᠨ ᠠᠴᠠ ᠨᠠᠭᠠᠰᠢ᠂ | ᠲᠣᠰ ᠨᠢᠭᠡᠴᠢ ᠶᠢᠨ ᠰᠠᠭᠤᠭᠠᠯᠢ ᠠᠷᠠᠳ ᠤᠷᠢᠳ ᠬᠤᠵᠢᠳ ᠠᠳᠠᠯ ᠠᠬᠤᠶ ᠶᠢᠨ ᠺᠣᠮᠫᠠᠨᠢ ᠳᠤ ᠤᠯᠠᠨᠳᠠ ᠪᠠᠶᠢᠳᠡᠯ ᠢᠶᠠᠨ | ᠲᠤᠰᠬᠠᠭᠰᠠᠨ ᠪᠤᠯᠪᠠᠴᠦ ᠶᠡᠷᠦ ᠨᠢ ᠰᠶᠢᠳᠪᠦᠷᠢᠯᠡᠭᠳᠡᠭᠡ ᠦᠭᠡᠢ᠂ ᠳᠡᠭᠡᠭᠡᠳ ᠤᠯᠠᠨ ᠢᠶᠠᠷ ᠢᠶᠠᠨ ᠠᠳᠠᠯ ᠠᠬᠤᠶ ᠶᠢᠨ | ᠵᠠᠷᠤᠳᠠᠯ ᠢᠶᠠᠨ ᠲᠤᠰᠢᠶᠠᠬᠤ ᠶᠢ ᠲᠡᠪᠴᠢᠵᠦ᠂ ᠵᠢᠭᠤᠷᠠᠯᠳᠤᠭᠠᠨ ᠨᠢ ᠶᠠᠪᠤᠬᠤ ᠳᠤᠳᠤᠮ ᠰᠢᠷᠦᠬᠦᠰᠪᠡ᠃ | ᠡᠴᠤᠰ ᠲᠤ ᠪᠠᠨ ᠳᠤᠰ ᠭᠡᠷᠡᠭ ᠨᠢ ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠲᠥᠪ ᠲᠤ ᠬᠦᠷᠪᠡ᠃ ᠳᠤᠰ ᠬᠡᠷᠡᠭ ᠢ ᠭᠥᠯᠢᠶᠡᠨ ᠠᠪᠤᠭᠰᠠᠨ ᠤ ᠳᠠᠷᠠᠭ᠎ᠠ ᠬᠤᠳᠠ ᠶᠢᠨ ᠶᠡᠷᠦᠩᠭᠡᠶᠢᠯᠡᠨ ᠵᠠᠰᠠᠬᠤ | ᠲᠦᠪ ᠤᠨ ᠬᠢᠨ ᠵᠠᠷᠭᠤ ᠶᠢᠨ ᠦᠢᠯᠡᠴᠢᠯᠡᠭᠡ᠂ ᠭᠡᠷᠡᠭ ᠶᠠᠪᠤᠳᠠᠯ ᠢ ᠰᠢᠢᠳᠪᠦᠷᠢᠯᠡᠬᠦ ᠵᠥᠪᠯᠡᠯ ᠤᠨ ᠴᠤᠩᠬᠤᠪᠴᠢ ᠶᠢᠨ | ᠠᠵᠢᠯᠲᠠᠨ ᠵᠢᠴᠢ ᠨᠡᠶᠢᠭᠡᠮ ᠲᠣᠭᠤᠷᠢᠭ ᠤᠨ ᠳᠤᠤᠷᠵᠢᠭᠤᠯᠤᠬᠴᠢ᠂ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ | ᠲᠥᠪ ᠤᠨ ᠠᠵᠢᠯᠳᠡᠳ ᠲᠠᠢ ᠬᠠᠮᠲᠤᠷᠠᠭᠰᠠᠨ ᠬᠤᠷᠠᠯ ᠬᠢᠵᠦ ᠡᠶᠡᠳᠡᠭᠦᠯᠬᠦ ᠲᠥᠰᠦᠯ ᠢ ᠵᠥᠪᠳᠡᠯᠴᠡᠨ ᠲᠣᠭᠲᠠᠭᠠᠬᠤ ᠶᠢᠨ | ᠬᠠᠮᠳᠦ ︽ᠵᠦᠷᠢᠴᠡᠯ ᠵᠢᠭᠤᠷᠠᠯᠳᠤᠭᠠᠨ ᠢ ᠡᠶᠡᠳᠡᠬᠦᠯᠬᠦ ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ︾ ᠪᠠᠷ ᠳᠠᠮᠵᠢᠨ | ᠭᠡᠷᠡᠭ ᠲᠤ ᠬᠤᠯᠪᠤᠬᠳᠠᠬᠰᠠᠨ ᠠᠰᠠᠷ ᠤᠨ ᠨᠢᠭᠡᠴᠢ ᠪᠠᠷ ᠬᠦᠷᠴᠦ ᠪᠠᠶᠢᠳᠡᠯ ᠢ ᠨᠢ ᠤᠶᠢᠯᠠᠭᠠᠨ ᠵᠤᠬᠢᠰᠳᠠᠢ ᠡᠶᠡᠳᠡᠬᠦᠯᠭᠡ | ᠬᠢᠪᠡ᠃ ᠡᠶᠡᠳᠡᠬᠦᠯᠭᠡ ᠶᠢᠨ ᠦᠷ᠎ᠠ ᠳ᠋ᠦᠡᠭ ᠳᠤ ᠠᠳᠠᠯ ᠠᠬᠤᠢ ᠶᠢᠨ ᠭᠠᠵᠠᠷ ᠤᠨ ᠬᠢᠨ ᠠᠰᠠᠷ ᠤᠨ ᠨᠢᠭᠡᠴᠢ ᠶᠢᠨ ᠤᠰᠦ | ᠬᠤᠷᠠᠬᠰᠠᠨ ᠭᠠᠵᠠᠷ ᠢ ᠰᠡᠯᠪᠢᠨ ᠵᠠᠰᠠᠬᠤ ᠶᠢᠨ ᠬᠠᠮᠳᠦ ᠠᠳᠠᠯ ᠠᠬᠤᠢ ᠶᠢᠨ ᠵᠠᠷᠤᠳᠠᠯ ᠢ ᠪᠠᠭᠠᠰᠬᠠᠬᠤ ᠪᠠᠷ ᠳᠤᠬᠳᠠᠵᠦ᠂ | ᠳᠤᠰ ᠨᠢᠭᠡᠴᠢ ᠶᠢᠨ ᠰᠠᠭᠤᠭᠠᠯᠢ ᠠᠷᠠᠳ ᠴᠤ ᠠᠳᠠᠯ ᠠᠬᠤᠢ ᠶᠢᠨ ᠵᠠᠷᠤᠳᠠᠯ ᠢᠶᠠᠨ ᠳᠤᠭ᠎ᠠ ᠶᠤᠰᠤᠭᠠᠷ ᠨᠢ | ᠳᠤᠰᠢᠶᠠᠬᠤ ᠪᠠᠷ ᠳᠤᠬᠳᠠᠪᠠ᠃ | ᠤᠳᠦ᠂ ᠤᠯᠠᠭᠠᠨᠬᠤᠳᠠ ᠳᠤ ︽ᠵᠥᠷᠢᠴᠡᠯ ᠵᠢᠭᠤᠷᠠᠯᠳᠤᠭᠠᠨ ᠲᠠᠢ ᠪᠤᠯ ᠶᠡᠷᠦᠩᠬᠡᠶᠢᠯᠡᠨ ᠵᠠᠰᠠᠬᠤ ᠲᠥᠪ | ᠡᠷᠢᠬᠦ︾ ᠨᠢ ᠨᠢᠭᠡᠨᠲᠡ ᠣᠯᠠᠨ ᠲᠦᠮᠡᠨ ᠤ ᠬᠠᠮᠲᠤ ᠶᠢᠨ ᠲᠠᠨᠢᠯᠲᠠ ᠪᠣᠯᠤᠭᠰᠠᠨ ᠪᠠᠶᠢᠨ᠎ᠠ᠃ ᠵᠢᠯ ᠤᠨ ᠡᠬᠢᠨ ᠠᠴᠠ | ᠨᠠᠭᠠᠰᠢ᠂ ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠵᠢᠷᠤᠮᠵᠢᠭᠰᠠᠨ | ᠪᠠᠶᠢᠭᠤᠯᠤᠯᠲᠠ ᠶᠢ ᠪᠥᠬᠦ ᠳᠠᠯ᠎ᠠ ᠪᠠᠷ ᠠᠬᠢᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠦᠢᠯᠡᠴᠢᠯᠡᠭᠡᠨ ᠤ | ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠵᠥᠷᠢᠴᠡᠯ ᠵᠢᠭᠤᠷᠠᠯᠳᠤᠭᠠᠨ ᠢ ᠥᠨᠳᠥᠷ ᠪᠦᠲᠦᠮᠵᠢᠲᠡᠶ᠂ | ᠳᠥᠭᠦᠮ ᠳᠥᠲᠡ᠂ ᠦᠨᠳᠦᠰᠦᠨ ᠠᠴᠠ ᠨᠢ ᠰᠢᠢᠳᠪᠦᠷᠢᠯᠡᠬᠦ ᠶᠢ ᠪᠡᠶᠡᠯᠡᠭᠦᠯᠵᠦ᠂ ︽ᠨᠢᠭᠡ ᠥᠷᠲᠡᠭᠡ ᠮᠠᠶ᠋ᠢᠭ ᠢᠶᠠᠷ | ᠭᠥᠯᠢᠶᠡᠨ ᠠᠪᠴᠤ ᠰᠢᠢᠳᠪᠦᠷᠢᠯᠡᠬᠦ᠂ ᠪᠦᠬᠦᠨ ᠢ ᠵᠣᠬᠢᠴᠠᠭᠤᠯᠤᠨ ᠰᠢᠢᠳᠪᠦᠷᠢᠯᠡᠬᠦ᠂ ᠪᠥᠬᠦ ᠬᠡᠯᠬᠢᠶ᠎ᠡ ᠪᠠᠷ | ᠰᠢᠢᠳᠪᠦᠷᠢᠯᠡᠬᠦ︾ ᠶᠡᠷᠦᠩᠬᠡᠶᠢᠯᠡᠭᠰᠡᠨ ᠴᠢᠨᠠᠷᠲᠠᠶ ᠲᠠᠪᠴᠠᠩ ᠢ ᠪᠣᠶ ᠪᠣᠯᠭᠠᠵᠤ᠂ ᠵᠥᠷᠢᠴᠡᠯ ᠢ ᠴᠤᠬᠤᠶᠢᠵᠤ ᠪᠠᠶᠢᠭ᠎ᠠ | ᠦᠶ᠎ᠠ ᠳᠤ ᠨᠢ ᠳᠦᠢᠯᠪᠤᠷᠢᠳᠠᠢ ᠠᠷᠢᠯᠭᠠᠬᠤ ᠪᠤᠯᠪᠠ᠃ | ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠪᠥᠬᠦ ᠬᠦᠷᠢᠶ᠎ᠠ ᠴᠠᠷᠠᠭ᠎ᠠ ᠶᠢᠨ ᠵᠥᠷᠢᠴᠡᠯ ᠵᠢᠭᠤᠷᠠᠯᠳᠤᠭᠠᠨ ᠢ | ᠠᠷᠢᠯᠭᠠᠬᠤ ᠲᠠᠪᠴᠠᠩ ᠢ ᠪᠣᠶ ᠪᠣᠯᠭᠠᠪᠠ᠃ ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠲᠥᠪ ᠨᠢ ︽36 + 6 + 5 + 1︾ ᠶᠢᠨ ᠵᠠᠭᠪᠤᠷ ᠢ ᠭᠡᠷᠡᠭᠵᠢᠬᠦᠯᠤᠨ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠳᠤᠪᠴᠢᠶ᠎ᠠ ᠵᠡᠷᠭᠡ 36 ᠡᠭᠦᠷᠭᠡ | ᠴᠢᠳᠠᠪᠬᠢᠳᠦ ᠰᠠᠯᠠᠭ᠎ᠠ ᠮᠥᠴᠢᠷ᠂ ᠵᠠᠷᠭᠤ ᠶᠢᠨ ᠦᠢᠯᠡᠴᠢᠯᠡᠭᠡᠨ ᠤ ᠲᠥᠪ᠂ ᠪᠠᠶᠢᠴᠠᠭᠠᠬᠤ ᠦᠢᠯᠡᠴᠢᠯᠡᠭᠡᠨ ᠤ ᠲᠥᠪ | ᠵᠡᠷᠭᠡ 6 ᠲᠥᠪ᠂ ᠠᠳᠠᠯ ᠠᠬᠤᠢ ᠶᠢᠨ ᠵᠢᠭᠤᠷᠠᠯᠳᠤᠭᠠᠨ ᠢ ᠡᠶᠡᠳᠡᠭᠦᠯᠬᠦ ᠺᠣᠮᠢᠰ᠂ ᠵᠠᠮ ᠬᠠᠷᠢᠯᠴᠠᠭᠠᠨ ᠤ ᠡ᠊ᠨᠳᠡᠯ ᠤᠨ | ᠵᠢᠭᠤᠷᠠᠯᠳᠤᠭᠠᠨ ᠢ ᠡᠶᠡᠳᠡᠭᠦᠯᠬᠦ ᠺᠣᠮᠢᠰ ᠵᠡᠷᠭᠡ 5 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠶᠡᠷᠦᠩᠬᠡᠶᠢᠯᠡᠨ ᠵᠠᠰᠠᠬᠤ | ᠲᠥᠪ ᠲᠤ ᠢᠷᠡᠬᠦᠯᠵᠦ ᠰᠠᠭᠤᠬᠤ ᠶᠢ ᠪᠡᠶᠡᠯᠡᠬᠦᠯᠵᠦ᠂ 16 ᠦᠢᠯᠡᠴᠢᠯᠡᠭᠡᠨ ᠤ ᠴᠣᠩᠬᠤᠪᠴᠢ᠂ 8 ᠴᠢᠳᠠᠮᠵᠢ ᠶᠢᠨ | ᠲᠠᠰᠤᠭ ᠢ ᠡᠮᠬᠢᠯᠡᠨ ᠨᠡᠶᠢᠯᠡᠭᠦᠯᠵᠦ ᠳᠣᠭᠢᠷᠠᠭᠤᠯᠤᠨ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ᠂ ᠵᠥᠷᠢᠴᠡᠯ | ᠵᠢᠭᠤᠷᠠᠯᠳᠤᠭᠠᠨ᠂ ᠵᠠᠭᠠᠯᠳᠤᠯᠭ᠎ᠠ ᠢᠯᠡᠴᠢᠯᠡᠨ ᠮᠡᠳᠡᠭᠦᠯᠤᠯᠳᠠ ᠵᠡᠷᠭᠡ ᠡᠯ᠎ᠡ ᠲᠥᠷᠥᠯ ᠤᠨ ᠭᠡᠷᠡᠭ ᠶᠠᠪᠤᠳᠠᠯ ᠢ ᠭᠥᠯᠢᠶᠡᠨ | ᠠᠪᠴᠤ ᠰᠢᠢᠳᠪᠦᠷᠢᠯᠡᠵᠦ᠂ ᠣᠯᠠᠨ ᠲᠦᠮᠡᠨ ᠳᠤ ᠪᠥᠬᠦ ᠬᠦᠷᠢᠶ᠎ᠡ ᠴᠠᠷᠠᠭ᠎ᠠ᠂ ᠪᠦᠬᠦᠨ ᠢ ᠬᠠᠮᠤᠷᠤᠭᠰᠠᠨ᠂ ᠪᠥᠬᠦ | ᠶᠠᠪᠤᠴᠠ ᠳᠤ ᠰᠢᠯᠢᠳᠡᠭ ᠦᠢᠯᠡᠴᠢᠯᠡᠭᠡ ᠬᠠᠩᠭᠠᠪᠠ᠃ | ᠳᠦᠷᠢᠮ ᠳᠤᠬᠳᠠᠭᠠᠯ ᠢ ᠳᠦᠷᠢᠮᠵᠢᠭᠦᠯᠦᠨ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠠᠵᠢᠯ ᠤᠨ | ᠰᠢᠰᠲ᠋ᠧᠮ ᠢ ᠪᠠᠶᠢᠭᠤᠯᠪᠡ᠃ ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠲᠥᠪ ᠠᠴᠠ ︽ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ | ᠠᠵᠢᠯ ᠤᠨ ᠳᠦᠷᠢᠮᠵᠢᠯ ᠤᠨ ᠭᠠᠷ ᠳᠡᠪᠲᠡᠷ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠵᠤ᠂ ᠠᠩᠬ᠎ᠠ ᠬᠦᠯᠢᠶᠡᠨ | ᠠᠪᠬᠤ ᠬᠠᠷᠢᠭᠤᠴᠠᠯᠭ᠎ᠠ ᠶᠢᠨ ᠳᠦᠷᠢᠮ᠂ ᠨᠢᠭᠡ ᠯᠡ ᠤᠳᠠᠭ᠎ᠠ ᠳᠤ ᠮᠡᠳᠡᠭᠳᠡᠬᠦ ᠳᠦᠷᠢᠮ᠂ ᠬᠠᠪᠰᠤᠷᠤᠨ ᠭᠦᠢᠴᠡᠳᠭᠡᠬᠦ | ᠣᠷᠣᠯᠠᠨ ᠭᠦᠢᠴᠡᠳᠭᠡᠬᠦ ᠳᠦᠷᠢᠮ ᠵᠡᠷᠭᠡ ᠶᠢ ᠬᠡᠷᠡᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠬᠦᠯᠢᠶᠡᠨ ᠠᠪᠬᠤ | ᠳᠠᠩᠰᠠᠯᠠᠨ ᠲᠡᠮᠳᠡᠭᠯᠡᠬᠦ᠂ ᠤᠷᠢᠳᠠᠪᠠᠷ ᠡᠶᠡᠳᠡᠭᠦᠯᠬᠦ᠂ ᠲᠥᠷᠥᠯ ᠬᠤᠪᠢᠶᠠᠨ ᠰᠢᠯᠵᠢᠭᠦᠯᠬᠦ᠂ ᠬᠡᠷᠡᠭ ᠢ ᠳᠠᠭᠤᠰᠬᠠᠬᠤ | ᠵᠡᠷᠭᠡ ᠳᠥᠷᠪᠡᠨ ᠠᠯᠬᠤᠮ ᠢᠶᠠᠷ ᠰᠢᠢᠳᠪᠦᠷᠢᠯᠡᠬᠦ ᠶᠠᠪᠤᠴᠠ ᠶᠢ ᠲᠣᠳᠣᠷᠬᠠᠶᠢᠯᠠᠵᠤ᠂ ᠵᠦᠷᠢᠴᠡᠯ ᠵᠢᠭᠤᠷᠠᠯᠳᠤᠭᠠᠨ ᠢ | ᠡᠶᠡᠳᠡᠬᠦᠯᠬᠦ ᠠᠵᠢᠯ ᠤᠨ ᠡᠮᠬᠢ ᠵᠢᠷᠤᠮ ᠲᠠᠢ ᠥᠷᠨᠢᠬᠦᠯᠬᠦ ᠶᠢ ᠪᠠᠲᠤᠯᠠᠵᠠᠢ᠃ ᠡᠭᠦᠨ ᠤ ᠬᠠᠮᠲᠤ᠂ ᠣᠯᠠᠨ ᠲᠦᠮᠡᠨ ᠤ | ᠡᠯ᠎ᠡ ᠲᠥᠷᠥᠯ ᠤᠨ ᠬᠦᠰᠡᠯ ᠱᠠᠭᠠᠷᠳᠠᠯᠭ᠎ᠠ ᠶᠢ ᠴᠤᠬᠯᠠᠭᠤᠯᠤᠨ ᠭᠥᠯᠢᠶᠡᠨ ᠠᠪᠴᠤ ᠰᠢᠢᠳᠪᠦᠷᠢᠯᠡᠬᠦ ᠪᠠ ᠰᠠᠯᠭᠠᠨ | ᠲᠣᠬᠢᠷᠠᠭᠤᠯᠵᠤ᠂ ᠭᠥᠯᠢᠶᠡᠨ ᠠᠪᠬᠤ᠂ ᠰᠢᠯᠵᠢᠭᠦᠯᠤᠨ ᠳᠤᠰᠢᠶᠠᠬᠤ᠂ ᠭᠦᠢᠴᠡᠳᠭᠡᠬᠦ ᠶᠢ ᠵᠠᠪᠰᠠᠷ ᠥᠬᠡᠶ | ᠵᠣᠯᠭᠠᠭᠤᠯᠬᠤ ᠶᠢ ᠪᠡᠶᠡᠯᠡᠭᠦᠯᠪᠡ᠃ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠶᠠᠪᠤᠴᠠ ᠳᠤ ᠶᠡᠷᠦᠩᠬᠡᠶᠢᠯᠡᠨ ᠵᠠᠰᠠᠬᠤ | ᠲᠥᠪ ᠠᠴᠠ ᠪᠦᠬᠦ ᠶᠠᠪᠤᠴᠠ ᠳᠤ ᠬᠢᠨᠠᠯᠲᠠ ᠲᠠᠯᠪᠢᠵᠦ᠂ ᠰᠢᠮᠳᠠᠭᠤᠯᠤᠨ ᠰᠢᠢᠳᠪᠦᠷᠢᠯᠡᠭᠰᠡᠨ᠂ ᠴᠠᠭ ᠬᠢᠵᠠᠭᠠᠷᠯᠠᠨ | ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠭᠤ ᠲᠤᠰᠬᠠᠵᠤ᠂ ᠨᠢᠭᠡᠨᠲᠡ ᠰᠢᠢᠳᠪᠦᠷᠢᠯᠡᠵᠦ ᠳᠠᠭᠤᠰᠬᠠᠭᠰᠠᠨ ᠬᠡᠷᠡᠭ ᠲᠤ | ᠰᠤᠭᠤᠴᠢᠨ ᠪᠠᠶᠢᠴᠠᠭᠠᠯᠲᠠ ᠶᠢᠨ ᠬᠡᠯᠪᠡᠷᠢ ᠪᠠᠷ ᠰᠤᠷᠪᠤᠯᠵᠢᠯᠠᠭ᠎ᠠ ᠥᠷᠨᠢᠭᠦᠯᠵᠦ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠨᠢᠭᠡᠪᠦᠷᠢ ᠶᠢ ᠴᠥᠮ ᠰᠢᠢᠳᠪᠦᠷᠢᠯᠡᠬᠦ ᠬᠥᠮᠦᠨ ᠲᠠᠢ᠂ ᠬᠠᠤᠯᠢ ᠶᠣᠰᠣᠭᠠᠷ ᠰᠢᠢᠳᠪᠦᠷᠢᠯᠡᠬᠦ ᠶᠢ ᠦᠨᠡᠨ ᠬᠦ | ᠪᠠᠲᠤᠯᠠᠵᠦ ᠪᠤᠢ᠃ | ᠤᠯᠠᠨ ᠰᠠᠯᠠᠭ᠎ᠠ ᠮᠦᠴᠢᠷ ᠬᠤᠯᠪᠤᠭᠠᠯᠠᠨ ᠬᠦᠳᠡᠯᠤᠯᠴᠡᠬᠦ ᠥᠨᠳᠥᠷ ᠦᠷ᠎ᠡ ᠪᠦᠲᠦᠮᠵᠢᠲᠡᠶ ᠡᠶᠡᠳᠡᠭᠦᠯᠬᠦ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠪᠠ᠃ ᠤᠯᠠᠭᠠᠨᠬᠤᠲᠠ ᠶᠢᠨ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠨᠢ ᠵᠠᠷᠭᠤ ᠶᠢᠨ ᠪᠤᠰᠤ ᠵᠢᠭᠤᠷᠠᠯᠳᠤᠭᠠᠨ ᠢ ᠰᠢᠢᠳᠪᠦᠷᠢᠯᠡᠬᠦ | ᠲᠣᠭᠲᠠᠴᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ︽ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ︾᠂ | ︽ᠬᠥᠨᠳᠡᠯᠡᠨ ᠠᠴᠠ ᠲᠠᠰᠤᠯᠬᠤ ᠪᠠ ᠡᠶᠡᠳᠡᠭᠦᠯᠬᠦ ᠶᠢ ᠵᠣᠯᠭᠠᠭᠤᠯᠬᠤ︾ ᠶᠠᠪᠤᠴᠠ ᠶᠢ ᠵᠢᠷᠤᠮᠵᠢᠭᠤᠯᠵᠤ᠂ ᠶᠡᠷᠦᠩᠬᠡᠶᠢᠯᠡᠨ | ᠵᠠᠰᠠᠬᠤ ᠲᠥᠪ ᠤᠨ ᠰᠤᠷᠪᠤᠯᠵᠢᠯᠠᠬᠤ᠂ ᠡᠶᠡᠳᠡᠭᠦᠯᠬᠦ᠂ ᠵᠠᠭᠠᠯᠳᠤᠬᠤ᠂ ᠲᠠᠰᠤᠯᠬᠤ᠂ ᠵᠥᠪᠯᠡᠬᠦ ᠵᠡᠷᠭᠡ ᠣᠯᠠᠨ ᠡᠰᠢᠲᠦ | ᠵᠢᠭᠤᠷᠠᠯᠳᠤᠭᠠᠨ ᠢ ᠰᠢᠢᠳᠪᠦᠷᠢᠯᠡᠬᠦ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠯᠠᠨ ᠲᠦᠮᠡᠨ ᠳᠤ ᠥᠨᠳᠥᠷ | ᠪᠦᠲᠦᠮᠵᠢᠲᠡᠶ᠂ ᠳᠥᠭᠦᠮ ᠳᠥᠲᠡ ᠵᠢᠭᠤᠷᠠᠯᠳᠤᠭᠠᠨ ᠢ ᠰᠢᠢᠳᠪᠦᠷᠢᠯᠡᠬᠦ ᠠᠷᠭ᠎ᠠ ᠵᠠᠮ ᠬᠠᠩᠭᠠᠵᠤ᠂ ︽ᠭᠡᠷᠡᠭ ᠶᠠᠪᠤᠳᠠᠯ | ᠰᠶᠢᠳᠪᠦᠷᠢᠯᠡᠭᠳᠡᠵᠦ᠂ ᠭᠡᠷᠡᠭ ᠲᠤ ᠬᠤᠯᠪᠤᠬᠳᠠᠬᠰᠠᠨ ᠲᠠᠯ᠎ᠠ ᠶᠢᠨ ᠬᠢᠨ ᠨᠢ ᠡᠪᠰᠡᠨ ᠡᠶᠡᠳᠡᠬᠦ︾ ᠦᠷ᠎ᠡ ᠪᠦᠲᠦᠮᠵᠢ ᠳᠤ | ᠬᠦᠷᠪᠡ᠃ ᠡᠭᠦᠨ ᠤ ᠬᠠᠮᠲᠤ᠂ ᠶᠠᠪᠤᠵᠤ ᠰᠠᠭᠤᠬᠤ ᠳᠤ ᠳᠥᠭᠦᠮ ᠦᠭᠡᠢ ᠣᠯᠠᠨ ᠲᠦᠮᠡᠨ ᠤ ᠵᠥᠷᠢᠴᠡᠯ | ᠵᠢᠭᠤᠷᠠᠯᠳᠤᠭᠠᠨ ᠢ ᠡᠶᠡᠳᠡᠭᠦᠯᠬᠦ ᠬᠡᠷᠡᠭᠴᠡᠭᠡ ᠶᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠪᠦᠬᠦ ᠬᠤᠳᠠ ᠶᠢᠨ ᠡᠯ᠎ᠠ | ᠪᠠᠯᠭᠠᠰᠤ ᠵᠡᠭᠡᠯᠢ ︵ᠬᠦᠷᠢᠶᠡᠯᠡᠩ ᠲᠣᠭᠤᠷᠢᠭ︶ ᠶᠢᠨ ᠡᠶᠡᠳᠡᠭᠦᠯᠬᠦ ᠠᠵᠢᠯ ᠳᠤ ᠳᠡᠮᠵᠢᠯᠭᠡ ᠪᠠᠲᠤᠯᠠᠭ᠎ᠠ ᠬᠠᠩᠭᠠᠵᠤ᠂ ︽ | ᠵᠦᠷᠢᠴᠡᠯ ᠵᠢᠭᠤᠷᠠᠯᠳᠤᠭᠠᠨ ᠢ ᠡᠶᠡᠳᠡᠬᠦᠯᠬᠦ ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ︾ ᠶᠢ ᠰᠢᠨ᠎ᠠ ᠪᠠᠷ | ᠡᠭᠦᠳᠴᠦ᠂ ︽ᠨᠢᠭᠡ ᠥᠷᠲᠡᠭᠡ ᠮᠠᠶ᠋ᠢᠭ︾ ᠤᠨ ᠦᠨᠳᠦᠰᠦᠨ ᠱᠠᠲᠤᠨ ᠤ ᠭᠥᠯᠢᠶᠡᠨ ᠠᠪᠴᠤ ᠰᠢᠢᠳᠪᠦᠷᠢᠯᠡᠬᠦ ᠪᠠ ︽ | ᠲᠣᠭᠤᠷᠢᠨ ᠪᠠᠶᠢᠴᠠᠭᠠᠬᠤ ᠬᠡᠯᠪᠡᠷᠢ︾ ᠶᠢᠨ ᠦᠨᠳᠦᠰᠦᠨ ᠱᠠᠲᠤᠨ ᠳᠤ ᠪᠠᠭᠤᠵᠤ ᠡᠶᠡᠳᠡᠭᠦᠯᠦᠨ ᠰᠢᠢᠳᠪᠦᠷᠢᠯᠡᠬᠦ ᠶᠢ | ᠥᠨᠳᠥᠷ ᠪᠦᠲᠦᠮᠵᠢᠲᠡᠶ ᠵᠣᠯᠭᠠᠭᠤᠯᠬᠤ ᠡᠶᠡᠳᠡᠭᠦᠯᠬᠦ ᠵᠠᠭᠪᠤᠷ ᠢ ᠪᠣᠶ ᠪᠣᠯᠭᠠᠵᠤ᠂ ᠵᠥᠷᠢᠴᠡᠯ ᠵᠢᠭᠤᠷᠠᠯᠳᠤᠭᠠᠨ ᠢ | ᠲᠦᠷᠭᠡᠨ ᠰᠶᠢᠳᠪᠦᠷᠢᠯᠡᠵᠦ ᠨᠡᠶᠢᠭᠡᠮ ᠤᠨ ᠠᠮᠤᠷ ᠲᠦᠪᠰᠢᠨ ᠳᠤᠬᠳᠠᠭᠤᠨ ᠪᠠᠶᠢᠬᠤ ᠶᠢ ᠦᠨᠡᠨ ᠬᠦ ᠪᠠᠳᠤᠯᠠᠪᠠ᠃ | ︽ᠲᠠᠷᠠᠭᠠᠴᠢ ᠪᠠᠷ᠂ ᠤᠯᠠᠭᠠᠨᠬᠤᠲᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠲᠥᠪ ᠤᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢ ᠤᠯᠠᠮ ᠳᠡᠬᠦᠯᠳᠡᠷᠵᠢᠬᠦᠯᠤᠨ ᠠᠬᠢᠭᠤᠯᠵᠦ᠂ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠠᠪᠤᠴᠠ ᠶᠢ ᠰᠢᠯᠢᠳᠡᠭᠵᠢᠭᠦᠯᠦᠨ᠂ ︿ᠶᠡᠷᠦᠩᠬᠡᠶᠢᠯᠡᠨ ᠵᠠᠰᠠᠬᠤ | ᠲᠥᠪ ᠤᠨ ᠲᠠᠰ ᠲᠡᠪᠰᠢᠬᠦ ᠶᠢ ᠠᠬᠢᠭᠤᠯᠬᠤ᠂ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠦᠨᠡᠨ ᠪᠣᠳᠠᠲᠠᠶ ᠪᠠᠷ | ᠰᠢᠢᠳᠪᠦᠷᠢᠯᠡᠬᠦ﹀ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠶᠡᠷᠦᠩᠬᠡᠶᠢᠯᠡᠨ ᠵᠠᠰᠠᠬᠤ ᠲᠥᠪ ᠢ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ︿ᠡᠴᠦᠰ ᠤᠨ ᠥᠷᠲᠡᠭᠡ﹀ ᠪᠣᠯᠭᠠᠨ ᠪᠥᠲᠥᠭᠡᠨ ᠪᠠᠶᠢᠭᠤᠯᠤᠨ᠎ᠠ︾ | ᠭᠡᠵᠦ ᠤᠯᠠᠭᠠᠨᠬᠤᠳᠠ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠭᠡᠶᠢᠯᠡᠨ ᠵᠠᠰᠠᠬᠤ ᠲᠦᠪ ᠤᠨ ᠬᠠᠮᠢᠶ᠎ᠠ ᠪᠦᠬᠦᠢ | ᠬᠠᠷᠢᠭᠤᠴᠠᠯᠭᠠᠳᠠᠨ ᠠᠴᠠ ᠢᠯᠡᠷᠭᠡᠶᠢᠯᠡᠨ᠎ᠠ᠃ ︵ᠬᠣ᠋ ᡁᠢ ᠮᠢᠨ ᠡᠦ ᠱᠢ ᠶᠤᠤ︶ | | | | |