ᠰᠢ ᠶᠢᠨ ᠫᠢᠩ ᠪᠣᠯᠣᠨ ᠺᠣᠩᠭᠣ᠋ ︵ᠪᠷᠠᠽᠡᠸᠢᠯ︶ ᠶᠢᠨ ᠶᠡᠷᠦᠩᠬᠡᠶᠢᠯᠡᠭᠴᠢ ᠰᠠᠰᠦ᠋ ᠲᠤᠰ ᠲᠤᠰ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠵᠣᠬᠢᠴᠠᠭᠤᠯᠤᠭᠴᠢ ᠶᠢᠨ ᠰᠠᠶᠢᠳ ᠤᠨ ᠲᠡᠰ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2025/6/12
       ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 11 ᠤ ᠴᠠᠭᠢᠯᠭᠠᠨ ᠮᠡᠳᠡᠭᠡ 6 ᠰᠠᠷ᠎ᠠ ᠶᠢᠨ 11 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠺᠣᠩᠭᠣ᠋ ︵ᠪᠷᠠᠽᠡᠸᠢᠯ︶ ᠶᠢᠨ ᠶᠡᠷᠦᠩᠬᠡᠶᠢᠯᠡᠭᠴᠢ ᠰᠠᠰᠦ᠋ ᠲᠣᠰ ᠲᠣᠰ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠵᠣᠬᠢᠴᠠᠭᠤᠯᠤᠭᠴᠢ ᠶᠢᠨ ᠰᠠᠶᠢᠳ ᠤᠨ ᠲᠠᠰ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠵᠦ᠂ ᠲᠤᠰ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃       ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 25 ᠵᠢᠯ ᠤᠨ ᠲᠤᠷᠰᠢ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠥᠷᠨᠢᠩᠭᠦᠢ ᠬᠥᠭᠵᠢᠯᠲᠡ ᠶᠢ ᠬᠦᠴᠦᠲᠡᠢ ᠲᠠᠶᠢᠴᠢᠯᠠᠵᠥ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭᠠᠨ ᠤ ᠬᠡᠪ ᠳᠠᠭᠤᠷᠢᠶᠠᠯ ᠪᠣᠯᠪᠠ᠃ ᠨᠢᠳᠤᠨᠤᠨ ᠤ 9 ᠰᠠᠷ᠎ᠠ ᠳᠤ ᠪᠢ ᠠᠹᠷᠢᠺᠠ ᠲᠢᠪ ᠤᠨ ᠤᠳᠤᠷᠢᠳᠬᠤ ᠬᠥᠮᠥᠰ ᠲᠠᠢ ᠬᠠᠮᠲᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠳᠡᠭᠡᠷ᠎ᠡ ᠭᠠᠷ ᠬᠤᠯᠪᠣᠨ ︽ᠵᠢᠷᠭᠤᠭᠠᠨ ᠣᠳᠣᠬᠢᠴᠢᠯᠠᠯᠲᠠ︾ ᠶᠢ ᠠᠬᠢᠭᠤᠯᠵᠤ᠂ ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠠᠮᠲᠤ ᠪᠠᠷ ᠬᠡᠷᠡᠭᠵᠢᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢ ᠬᠥᠲᠥᠯᠥᠨ ᠳᠠᠭᠠᠭᠤᠯᠵᠤ ᠰᠢᠨ᠎ᠡ ᠴᠠᠭ ᠦᠶ᠎ᠡ ᠶᠢᠨ ᠥᠨᠢᠳᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠱᠠᠲᠤᠨ ᠳᠤ ᠣᠷᠣᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠪᠡ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠠᠵᠢᠯ ᠨᠢᠭᠡ ᠪᠦᠯᠦᠭ ᠪᠠᠶᠠᠷᠯᠠᠭᠤᠰᠢᠲᠠᠢ ᠡᠮᠦᠨᠡᠬᠢ ᠬᠤᠭᠤᠴᠠᠭᠠᠨ ᠤ ᠠᠮᠵᠢᠯᠲᠠ ᠣᠯᠵᠠᠢ᠃ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠪᠠᠰᠠ 2026 ᠣᠨ ᠤ ︽ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢ ᠪᠡᠯᠡᠳᠬᠡᠨ ᠡᠷᠭᠢᠯᠡᠭᠦ ᠲᠤᠬᠠᠢ ᠬᠠᠮᠲᠤ ᠶᠢᠨ ᠲᠠᠨᠢᠯᠲᠠ ᠲᠠᠢ ᠪᠣᠯᠪᠠ᠂ ᠡᠨᠡ ᠨᠢ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭ᠎ᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠᠶᠢᠳᠠᠯ ᠬᠤᠪᠢᠷᠠᠯᠲᠠ ᠶᠡᠬᠡᠲᠡᠢ ᠡᠭᠡᠳᠡᠷᠡᠭᠡᠨ ᠪᠤᠳᠤᠯᠢᠶᠠᠨᠲᠠᠢ ᠪᠠᠶᠢᠨ᠎ᠠ᠃ ᠳᠤᠮᠳᠠᠳᠤ ᠤᠯᠤᠰ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠭᠢᠶᠠᠯ ᠬᠠᠩᠭᠠᠵᠤ᠂ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢᠶᠠᠷ ᠠᠹᠷᠢᠺᠠ ᠲᠢᠪ ᠵᠡᠷᠭᠡ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠨᠢᠲᠠᠨ ᠳᠤ ᠰᠢᠨ᠎ᠡ ᠬᠥᠳᠡᠯᠭᠡᠬᠦ ᠡᠨᠧᠷᠭᠢ ᠬᠠᠩᠭᠠᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ ᠳᠤᠷᠠᠲᠠᠶ᠎ᠠ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠢ ᠵᠥᠪᠳᠡᠯᠴᠡᠨ ᠲᠣᠭᠲᠠᠬᠤ ᠪᠠᠷ ᠳᠠᠮᠵᠢᠨ ᠲᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ 53 ᠤᠯᠤᠰ ᠲᠤ ᠭᠠᠶᠢᠯᠢ ᠬᠤᠷᠢᠶᠠᠪᠠᠰᠤ ᠵᠣᠬᠢᠬᠤ 100% ᠶᠢᠨ ᠲᠦᠷᠦᠯ ᠵᠦᠢᠯ ᠤᠨ ᠦᠢᠯᠡᠳᠬᠦᠨ ᠠᠴᠠ ᠪᠣᠭᠤᠮᠲᠠ ᠶᠢᠨ ᠭᠠᠶᠢᠯᠢ ᠬᠤᠷᠢᠶᠠᠬᠤ ᠦᠭᠡᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠠᠹᠷᠢᠺᠠ ᠲᠢᠪ ᠤᠨ ᠬᠠᠮᠤᠭ ᠤᠨ ᠬᠥᠭᠵᠢᠭᠡᠳᠦᠢ ᠤᠯᠤᠰ ᠤᠨ ᠳᠤᠮᠳᠠᠳᠤ ᠤᠯᠤᠰ ᠲᠠᠬᠢ ᠭᠠᠳᠠᠭᠠᠳᠤ ᠭᠠᠷᠭᠠᠯᠲᠠ ᠳᠤ ᠨᠡᠩ ᠤᠯᠠᠨ ᠲᠦᠭᠦᠮ ᠦᠵᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠣᠬᠢᠷᠳᠤᠯ ᠦᠭᠡᠢ ᠠᠵᠤ ᠦᠢᠯᠡᠰ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠣᠯᠣᠨ ᠲᠣᠭᠠᠴᠠᠭ᠎ᠠ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠮᠤᠷ ᠲᠦᠪᠰᠢᠨ᠂ ᠮᠥᠩᠭᠦᠨ ᠭᠦᠢᠯᠭᠡᠭᠡᠨ᠂ ᠬᠠᠤᠯᠢ ᠪᠠᠷ ᠵᠠᠰᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃       ᠰᠢ ᠶᠢᠨ ᠫᠢᠩ᠂ ᠨᠡᠭᠡᠭᠡᠯᠲᠡ ᠬᠢᠵᠦ ᠬᠠᠮᠲᠤᠷᠠᠯᠴᠠᠬᠤ ᠪᠣᠯ ᠬᠥᠮᠥᠨ ᠤ ᠶᠢᠷᠲᠢᠨᠴᠦ ᠶᠢᠨ ᠵᠥᠪ ᠵᠠᠮ ᠮᠥᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯ ᠠᠷᠠᠳ ᠤᠨ ᠰᠡᠳᠬᠢᠯ ᠤᠨ ᠬᠠᠨᠳᠤᠰᠢ ᠮᠥᠨ᠃ ᠳᠤᠮᠳᠠᠳᠤ ᠠᠹᠷᠢᠺᠠ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ᠨᠢ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠬᠦᠴᠦᠲᠡᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢᠨ ᠦᠢᠯᠡᠰ ᠲᠤ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠵᠦ ᠥᠭᠬᠦ ᠪᠣᠯᠣᠨ᠎ᠠ᠃ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠵᠤ᠂ ᠶᠠᠷᠢᠶᠠᠨ ᠤ ᠲᠠᠪᠴᠠᠩ ᠤᠨ ᠢᠷᠡᠭᠡᠳᠦᠢ ᠶᠢᠨ ᠬᠥᠭᠵᠢᠯᠲᠡ ᠶᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠳᠤᠮᠳᠠᠳᠤ ᠠᠹᠷᠢᠺᠠ ᠶᠢᠨ ᠬᠦᠴᠦᠨ ᠴᠢᠳᠠᠯ ᠢᠶᠠᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠰᠠᠰᠦ᠋ ᠪᠠᠶᠠᠷ ᠤᠨ ᠵᠠᠬᠢᠳᠠᠯ ᠳᠠᠭᠠᠨ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠬᠤᠷᠠᠯᠳᠤᠭᠰᠠᠨ ᠠᠴᠠ ᠨᠠᠭᠠᠰᠢ ᠠᠹᠷᠢᠺᠠ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠠᠢ᠃ ᠲᠤᠰ ᠬᠤᠭᠤᠴᠠᠭᠠᠨ ᠤ ᠵᠣᠬᠢᠴᠠᠭᠤᠯᠤᠭᠴᠢ ᠶᠢᠨ ᠬᠤᠷᠠᠯ ᠨᠢ ᠶᠠᠭ ᠰᠠᠶᠢᠬᠠᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 25 ᠵᠢᠯ ᠤᠨ ᠤᠢ ᠳᠤ ᠲᠣᠬᠢᠶᠠᠭᠰᠠᠨ ᠪᠠᠶᠢᠨ᠎ᠠ᠃ ᠪᠢ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠡᠷᠡᠰ ᠭᠤᠶᠢᠪᠢᠰᠢ ᠦᠭᠡᠢ ᠪᠠᠷ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠠᠹᠷᠢᠺᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠶᠡᠭᠡ ᠠᠬᠢᠴᠠ ᠲᠠᠢ ᠪᠤᠯᠬᠤ ᠶᠢ ᠠᠬᠢᠭᠤᠯᠵᠤ᠂ ᠬᠤᠶᠠᠷ ᠲᠠᠯ᠎ᠠ ᠶᠢᠨ ᠠᠷᠠᠳ ᠤᠯᠠᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ᠃ ᠺᠣᠩᠭᠣ᠋ ︵ᠪᠷᠠᠽᠡᠸᠢᠯ︶ ᠨᠢ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠬᠠᠮᠲᠤ ᠶᠢᠨ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠳᠤᠷᠠᠲᠠᠶ᠎ᠠ ᠳᠤᠮᠳᠠᠳᠤ ᠤᠯᠤᠰ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠪᠤᠰᠤᠳ ᠤᠯᠤᠰ ᠤᠳ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠳᠣᠣᠷᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠭᠴᠠ ᠲᠠᠯᠠᠲᠤ ᠦᠵᠡᠯ ᠪᠣᠯᠣᠨ ᠬᠠᠮᠠᠭᠠᠯᠠᠬᠤ ᠦᠵᠡᠯ ᠠᠴᠠ ᠵᠠᠶᠢᠳᠠᠭᠰᠠᠨ ᠤᠯᠠᠨ ᠲᠦᠢᠯᠲᠤ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠳᠡᠯᠡᠬᠡᠶᠢᠵᠢᠯᠲᠡ ᠶᠢᠨ ᠰᠢᠨ᠎ᠡ ᠴᠠᠭ ᠦᠶ᠎ᠡ ᠶᠢ ᠨᠡᠭᠡᠭᠡᠨ᠎ᠡ ᠭᠡᠵᠦ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号