| ᠣᠶᠢᠷ᠎ᠠ ᠳᠤ᠂ ᠤᠯᠠᠭᠠᠨᠬᠤᠲᠠ ᠶᠢᠨ ᠨᠣᠮ ᠤᠨ ᠰᠠᠩ ᠬᠢᠩᠭᠠᠨ ᠠᠶᠢᠮᠠᠭ ᠤᠨ ᠣᠨᠴᠠᠭᠠᠶ ᠰᠤᠷᠭᠠᠨ | ᠬᠥᠮᠦᠵᠢᠯ ᠤᠨ ᠰᠤᠷᠭᠠᠭᠤᠯᠢ᠂ ᠤᠯᠠᠭᠠᠨᠬᠤᠲᠠ ᠶᠢᠨ ᠱᠠᠨ ᠴᠧᠩ ᠵᠠᠮ ᠤᠨ ᠬᠡᠤᠬᠡᠳ ᠤᠨ ᠴᠡᠴᠡᠷᠯᠢᠭ ᠲᠠᠢ ᠬᠠᠮᠲᠤᠷᠠᠨ | ᠂ ︽ᠨᠤᠮ ᠤᠨ ᠬᠡᠰᠢᠭ ᠢᠶᠠᠷ ᠬᠡᠤᠬᠡᠳ ᠤᠨ ᠰᠡᠳᠭᠢᠯ ᠢ ᠤᠮᠳᠠᠯᠠᠶᠠ︾ ᠬᠡᠭᠦ ᠨᠣᠮ ᠬᠦᠷᠭᠡᠬᠦ ᠰᠢᠷᠢᠰ ᠠᠵᠢᠯᠯᠠᠭ᠎ᠠ | ᠥᠷᠨᠢᠭᠦᠯᠵᠠᠢ᠃ | ᠤᠯᠠᠭᠠᠨᠬᠤᠲᠠ ᠶᠢᠨ ᠱᠠᠨ ᠴᠧᠩ ᠵᠠᠮ ᠤᠨ ᠬᠡᠦᠬᠡᠳ ᠤᠨ ᠴᠡᠴᠡᠷᠯᠢᠭ ᠲᠤ᠂ ᠨᠣᠮ ᠤᠨ ᠰᠠᠩ ᠤᠨ | ᠠᠵᠢᠯᠲᠠᠳ ᠬᠡᠦᠬᠡᠳ ᠤᠨ ᠦᠰᠦᠨ ᠪᠤᠶᠢᠵᠢᠬᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠥᠩᠭᠡ ᠪᠤᠳᠤᠭ | ᠰᠠᠶᠢᠬᠠᠨ᠂ ᠠᠭᠤᠯᠭ᠎ᠠ ᠠᠮᠢᠳᠤᠯᠢᠭ ᠵᠢᠷᠤᠭᠲᠤ ᠳᠡᠪᠲᠡᠷ᠂ ᠬᠡᠦᠬᠡᠳ ᠤᠨ ᠦᠯᠢᠭᠡᠷ ᠵᠢᠴᠢ ᠤᠶᠤᠨ ᠢ ᠨᠡᠭᠡᠭᠡᠭᠳᠡᠬᠦᠯᠬᠦ | ᠤᠩᠰᠢᠬᠤ ᠪᠢᠴᠢᠭ ᠢ ᠬᠤᠶᠠᠷ ᠵᠠᠭᠤᠨ ᠳᠡᠪᠲᠡᠷ ᠬᠦᠷᠭᠡᠵᠠᠢ᠃ ᠬᠡᠦᠬᠡᠳ ᠤᠨ ᠴᠡᠴᠡᠷᠯᠢᠭ ᠲᠤ ᠰᠢᠯᠢᠳᠡᠭ ᠨᠣᠮ | ᠤᠩᠰᠢᠬᠤ ᠡᠬᠢ ᠪᠠᠶᠠᠯᠢᠭ ᠢ ᠨᠥᠬᠦᠪᠥᠷᠢᠯᠡᠭᠰᠡᠨ ᠢᠶᠠᠷ ᠪᠠᠷᠠᠬᠤ ᠦᠭᠡᠢ᠂ ᠨᠡᠩ ᠴᠤ ᠰᠣᠨᠢᠷᠬᠠᠯᠲᠠᠢ ᠨᠣᠮ ᠪᠢᠴᠢᠭ ᠢᠶᠠᠷ | ᠬᠡᠦᠬᠡᠳ ᠤᠨ ᠨᠣᠮ ᠤᠩᠰᠢᠬᠤ ᠤᠷᠮ᠎ᠠ ᠪᠠᠬ᠎ᠠ ᠶᠢ ᠬᠥᠭᠵᠢᠭᠡᠭᠰᠡᠨ ᠪᠠᠶᠢᠨ᠎ᠠ᠃ | ᠬᠢᠩᠭᠠᠨ ᠠᠶᠢᠮᠠᠭ ᠤᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠳᠤ᠂ ᠨᠣᠮ ᠤᠨ ᠰᠠᠩ ᠤᠨ | ᠠᠵᠢᠯᠲᠠᠳ ᠬᠡᠦᠬᠡᠳ ᠤᠨ ᠲᠠᠨᠢᠵᠥ ᠮᠡᠳᠡᠬᠦᠢ ᠶᠢᠨ ᠣᠨᠴᠠᠯᠢᠭ ᠲᠠᠢ ᠤᠶᠠᠯᠳᠤᠭᠤᠯᠵᠤ᠂ ᠲᠡᠳᠡᠨ ᠳᠤ 100 ᠳᠡᠪᠲᠡᠷ | ᠵᠢᠷᠤᠭ᠂ ᠨᠤᠮ ᠪᠢᠴᠢᠭ ᠢ ᠬᠦᠷᠭᠡᠵᠦ᠂ ᠨᠡᠶᠢᠭᠡᠮ ᠤᠨ ᠭᠦᠨ ᠵᠤᠵᠠᠭᠠᠨ ᠬᠠᠶᠢᠷ᠎ᠠ ᠬᠠᠯᠠᠮᠵᠢ ᠬᠦᠷᠲᠡᠭᠡᠵᠦ᠂ | ᠬᠡᠦᠬᠡᠳ ᠤᠨ ᠢᠲᠡᠭᠡᠯ ᠵᠣᠷᠢᠭ ᠪᠠ ᠨᠡᠶᠢᠭᠡᠮ ᠳᠤ ᠠᠭᠤᠰᠤᠯᠴᠠᠬᠤ ᠰᠡᠳᠭᠢᠯᠭᠡ ᠶᠢ ᠨᠡᠮᠡᠭᠳᠡᠭᠦᠯᠪᠡ᠃ | ᠳᠠᠷᠠᠭᠠᠴᠢ ᠪᠠᠷ᠂ ᠤᠯᠠᠭᠠᠨᠬᠤᠲᠠ ᠶᠢᠨ ᠨᠣᠮ ᠤᠨ ᠰᠠᠩ ᠬᠡᠤᠬᠡᠳ ᠤᠨ ᠤᠩᠰᠢᠯᠭ᠎ᠠ ᠶᠢᠨ ᠬᠡᠷᠡᠭᠴᠡᠭᠡ ᠶᠢ | ᠦᠷᠭᠦᠯᠵᠢᠯᠡᠨ ᠠᠩᠬᠠᠷᠴᠤ᠂ ᠠᠵᠢᠯᠯᠠᠭ᠎ᠠ ᠶᠢᠨ ᠬᠡᠯᠪᠡᠷᠢ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ | ᠤᠩᠰᠢᠯᠭ᠎ᠠ ᠶᠢᠨ ᠡᠬᠢ ᠪᠠᠶᠠᠯᠢᠭ ᠢ ᠨᠡᠮᠡᠭᠳᠡᠬᠦᠯᠤᠨ᠂ ᠬᠡᠤᠬᠡᠳ ᠪᠠᠭᠠᠴᠤᠳ ᠤᠨ ᠨᠤᠮ ᠳᠡᠪᠳᠡᠷ ᠤᠨ ᠤᠩᠰᠢᠯᠭ᠎ᠠ ᠶᠢᠨ | ᠰᠢᠮ᠎ᠡ ᠲᠡᠵᠢᠭᠡᠯ ᠳᠣᠤᠷ᠎ᠠ ᠢᠳᠡᠷᠡᠭᠦᠨ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠬᠦ ᠪᠤᠯᠦᠨ᠎ᠠ᠃ ︵ᠯᠢᠶᠠᠨ | ᠪᠤᠤ︶ |