| ᠤᠢᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠲᠠ ᠬᠥᠳᠡᠭᠡ ᠲᠣᠰᠬᠤᠨ ᠤ ᠤᠨᠴᠠᠯᠢᠬᠳᠤ ᠰᠡᠯᠡᠭᠦᠴᠡᠯ | ᠵᠢᠭᠤᠯᠴᠢᠯᠡᠯ ᠤᠨ ᠲᠣᠭᠤᠷᠢᠨ ᠳᠤ᠂ ᠵᠢᠭᠤᠯᠴᠢᠯᠡᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠦᠷᠭᠦᠯᠵᠢᠯᠡᠨ | ᠰᠦᠪᠡᠭᠴᠢᠯᠡᠵᠦ᠂ ᠵᠢᠭᠤᠯᠴᠢᠯᠡᠯ ᠤᠨ ᠭᠠᠵᠠᠷ ᠪᠣᠯᠭᠠᠨ ᠳᠤ ᠵᠤᠨ ᠤ ᠤᠯᠠᠷᠢᠯ ᠤᠨ ᠠᠮᠢᠵᠢᠷᠠᠯ ᠤᠨ ᠬᠦᠴᠦᠨ ᠪᠢᠯᠬᠠᠵᠦ | ᠪᠠᠶᠢᠯ᠎ᠠ᠃ | ᠤᠶᠢᠷ᠎ᠠ ᠳᠤ᠂ ᠤᠯᠠᠭᠠᠨᠬᠤᠲᠠ ᠶᠢᠨ ᠢᠯᠡᠯᠲᠠ ᠪᠠᠯᠭᠠᠰᠤᠨ ᠤ ᠪᠠᠶᠠᠰᠦᠯᠲᠦ ᠮᠠᠯᠵᠢᠯ ᠤᠨ ᠲᠠᠯᠠᠪᠠᠶ ᠶᠢᠨ | ᠪᠡᠶᠡᠴᠢᠯᠡᠨ ᠣᠶᠢᠯᠠᠭᠠᠬᠤ ᠬᠦᠷᠢᠶᠡᠯᠡᠩ ᠳᠤ ᠬᠦᠷᠬᠦ ᠳᠤ᠂ ᠲᠡᠮᠡᠭᠡᠨ ᠬᠢᠷᠭᠤᠤᠯ ᠨᠢ ᠨᠢᠭᠡ ᠭᠠᠵᠠᠷ ᠲᠤ ᠬᠤᠷᠠᠨ | ᠴᠤᠬᠯᠠᠷᠠᠵᠦ᠂ ᠵᠢᠭᠤᠯᠴᠢᠯᠠᠬᠴᠢᠳ ᠤᠨ ᠠᠩᠬᠠᠷᠦᠯ ᠢ ᠲᠠᠳᠠᠵᠦ ᠤᠨᠴᠠ ᠶᠢᠨ ᠬᠦᠷ ᠬᠦᠭᠵᠢᠶᠠᠨ ᠲᠠᠢ ᠪᠠᠶᠢᠯ᠎ᠠ᠃ | ︽ᠪᠠᠶᠠᠰᠦᠯᠲᠦ ᠮᠠᠯᠵᠢᠯ ᠤᠨ ᠲᠠᠯᠠᠪᠠᠶ ᠳᠤ ᠮᠠᠰᠢ ᠣᠯᠠᠨ ᠬᠥᠭᠡᠷᠦᠬᠦᠨ ᠪᠢᠴᠢᠬᠠᠨ ᠠᠮᠢᠲᠠᠨ ᠪᠠᠶᠢᠨ᠎ᠠ ᠭᠡᠵᠦ | ᠠᠯᠢ ᠡᠷᠲᠡ ᠠᠴᠠ ᠰᠣᠨᠣᠰᠤᠭᠰᠠᠨ ᠶᠤᠮ᠂ ᠥᠨᠥᠳᠦᠷ ᠴᠠᠭ ᠠᠭᠤᠷ ᠰᠠᠶᠢᠨ ᠪᠣᠯᠬᠤᠷ ᠨᠠᠶᠢᠵᠠ ᠨᠠᠷ ᠲᠠᠢ ᠪᠠᠨ ᠬᠠᠮᠲᠤ | ᠲᠤᠭᠤᠷᠢᠬᠤ ᠪᠠᠷ ᠢᠷᠡᠵᠠᠢ᠂ ᠡ᠊ᠨᠳᠡᠬᠢ ᠲᠡᠮᠡᠭᠡᠨ ᠬᠢᠷᠭᠤᠤᠯ ᠮᠠᠰᠢ ᠰᠣᠨᠢᠷᠬᠠᠯᠲᠠᠶ᠂ ᠪᠢᠴᠢᠬᠠᠨ ᠠᠮᠢᠲᠠᠨ ᠲᠠᠢ | ᠣᠶᠢᠷᠠᠳᠬᠤ ᠳᠤ ᠰᠡᠳᠭᠢᠯ ᠰᠠᠨᠠᠭ᠎ᠠ ᠨᠡᠯᠢᠶᠡᠳ ᠠᠭᠤᠵᠢᠷᠠᠭᠰᠠᠨ ᠰᠢᠭ ᠰᠠᠨᠠᠭᠳᠠᠵᠤ ᠪᠠᠶᠢᠨ᠎ᠠ︾ ᠭᠡᠵᠦ ᠬᠤᠲᠠ ᠶᠢᠨ | ᠠᠷᠠᠳ ᠵᠠᠩ ᠠᠪᠠᠭ᠋ᠠᠢ ᠪᠠᠶᠠᠷᠲᠠᠶᠢᠬᠠᠨ ᠬᠡᠯᠡᠵᠦ ᠪᠠᠶᠢᠯ᠎ᠠ᠃ | ᠤᠯᠠᠭᠠᠨᠬᠤᠲᠠ ᠶᠢᠨ ᠢᠯᠠᠯᠲᠠ ᠪᠠᠯᠭᠠᠰᠤ ᠶᠢᠨ ᠪᠠᠶᠠᠰᠦᠯᠲᠦ ᠮᠠᠯᠵᠢᠯ ᠤᠨ ᠲᠠᠯᠠᠪᠠᠶ ᠶᠢᠨ ᠪᠡᠶᠡᠴᠢᠯᠡᠨ | ᠣᠶᠢᠯᠠᠭᠠᠬᠤ ᠬᠦᠷᠢᠶᠡᠯᠡᠩ ᠤᠨ ᠡᠵᠡᠯᠡᠬᠦ ᠲᠠᠯᠠᠪᠠᠶ ᠨᠢ 2000 ᠮᠥ ᠪᠠᠶᠢᠵᠤ᠂ ᠠᠮᠢᠲᠠᠨ᠂ ᠤᠷᠭᠤᠮᠠᠯ᠂ ᠴᠡᠴᠡᠷᠯᠢᠭ | ᠵᠡᠷᠭᠡ ᠣᠯᠠᠨ ᠵᠦᠢᠯ ᠤᠨ ᠡᠯᠧᠮᠧᠨ᠋ᠲ ᠢ ᠠᠭᠤᠰᠬᠠᠵᠤ᠂ ᠵᠢᠭᠤᠯᠴᠢᠯᠠᠬᠴᠢᠳ ᠲᠤ ᠬᠥᠳᠡᠭᠡ ᠲᠣᠰᠬᠤᠨ ᠤ | ᠵᠢᠭᠤᠯᠴᠢᠯᠠᠯ ᠤᠨ ᠲᠠᠯ᠎ᠠ ᠪᠠᠷ ᠪᠤᠰᠤᠳ ᠠᠴᠠ ᠣᠨᠴᠠᠭᠠᠶ ᠣᠶᠢᠯᠠᠭᠠᠯᠲᠠ ᠶᠢ ᠬᠠᠨᠭ᠍ᠭᠠᠵᠦ ᠪᠠᠶᠢᠨ᠎ᠠ᠃ ᠵᠢᠭᠤᠯᠴᠢᠯᠠᠬᠴᠢᠳ | ᠡᠯ᠎ᠡ ᠵᠦᠢᠯ ᠤᠨ ᠡᠩᠭᠦᠷᠡᠢ ᠠᠮᠢᠳᠡᠳ ᠢ ᠰᠡᠭᠦᠳᠡᠷᠯᠡᠵᠦ ᠳᠤᠷᠠᠰᠬᠠᠯ ᠦᠯᠡᠳᠡᠭᠡᠵᠦ ᠪᠤᠯᠬᠤ ᠪᠠᠷ ᠪᠠᠷᠠᠬᠤ ᠦᠭᠡᠢ ᠪᠠᠰᠠ | ᠦᠵᠡᠰᠭᠦᠯᠡᠩᠲᠦ ᠰᠠᠶᠢᠬᠠᠨ ᠴᠡᠴᠡᠷᠯᠢᠭ ᠤᠨ ᠦᠵᠡᠮᠵᠢ ᠶᠢ ᠰᠣᠨᠢᠷᠬᠠᠵᠤ᠂ ᠡᠬᠡ ᠪᠠᠶᠢᠭᠠᠯᠢ ᠶᠢᠨ ᠨᠠᠮ ᠰᠡᠯᠡᠭᠦᠨ ᠪᠠ | ᠡᠶ᠎ᠡ ᠵᠣᠬᠢᠴᠠᠯ ᠢ ᠣᠶᠢᠯᠠᠭᠠᠵᠤ ᠪᠣᠯᠤᠨ᠎ᠠ᠃ | ᠢᠯᠡᠯᠲᠠ ᠪᠠᠯᠭᠠᠰᠤ ᠵᠢᠭᠤᠯᠴᠢᠯᠠᠬᠴᠢᠳ ᠤᠨ ᠤᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠶᠢᠨ ᠬᠠᠮᠲᠤ᠂ ᠪᠠᠰᠠ ᠵᠤᠨ ᠤ ᠤᠯᠠᠷᠢᠯ ᠳᠤ ᠵᠢᠭᠠᠰᠦ ᠲᠡᠵᠢᠭᠡᠬᠦ᠂ ᠨᠤᠭᠤᠰᠤ ᠲᠡᠵᠢᠭᠡᠬᠦ᠂ ᠪᠣᠳᠠᠰ ᠤᠨ | ᠪᠤᠰᠤ ᠰᠣᠶᠣᠯ ᠤᠨ ᠥᠪ ᠤᠨ ᠭᠠᠷ ᠤᠷᠠᠯᠠᠯ ᠵᠢᠴᠢ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ ᠵᠡᠷᠭᠡ ᠠᠯᠢ | ᠤᠯᠠᠨ ᠰᠣᠨᠢᠷᠬᠠᠯᠲᠤ ᠠᠵᠢᠯᠯᠠᠭ᠎ᠠ ᠶᠢ ᠨᠠᠷᠢᠨ ᠨᠢᠮᠪᠠᠢ ᠲᠥᠰᠦᠪᠯᠡᠵᠦ᠂ ᠤᠯᠠᠭᠠᠨᠬᠤᠲᠠ ᠶᠢᠨ ᠵᠤᠨ ᠤ ᠤᠯᠠᠷᠢᠯ ᠤᠨ | ᠵᠢᠭᠤᠯᠴᠢᠯᠡᠯ ᠤᠨ ᠲᠠᠲᠠᠬᠤ ᠬᠦᠴᠦᠨ ᠢ ᠮᠡᠳᠡᠭᠳᠡᠮ᠎ᠡ ᠳᠡᠭᠡᠭᠰᠢᠯᠡᠭᠦᠯᠵᠦ᠂ ᠨᠢᠭᠡ ᠬᠢᠯᠠᠰ ᠴᠡᠭ ᠪᠣᠯᠤᠭᠰᠠᠨ ᠪᠠᠶᠢᠨ᠎ᠠ᠃ | ᠵᠢᠭᠤᠯᠴᠢᠯᠠᠬᠴᠢᠳ ᠬᠥᠳᠡᠭᠡ ᠨᠤᠲᠤᠭ ᠤᠨ ᠥᠩᠭᠡ ᠦᠵᠡᠮᠵᠢ ᠶᠢᠨ ᠨᠠᠮ ᠰᠡᠯᠡᠭᠦᠨ ᠪᠠ ᠰᠠᠶᠢᠨ ᠰᠠᠶᠢᠬᠠᠨ ᠢ | ᠪᠡᠶᠡᠴᠢᠯᠡᠨ ᠣᠶᠢᠯᠠᠭᠠᠵᠤ ᠲᠡᠶᠢᠯᠬᠦ ᠮᠦᠷᠲᠡᠭᠡᠨ ᠲᠠᠷᠢᠶᠠᠯᠠᠬᠤ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠨᠵᠡᠭᠡᠶ | ᠣᠶᠢᠯᠠᠭᠠᠵᠤ᠂ ᠬᠥᠭᠡᠷᠦᠬᠦᠨ ᠪᠢᠴᠢᠬᠠᠨ ᠠᠮᠢᠲᠠᠳ ᠲᠠᠢ ᠳᠣᠲᠣᠨᠣᠰᠤᠭ ᠢᠶᠠᠷ ᠬᠠᠷᠢᠯᠴᠠᠵᠤ᠂ ᠬᠦᠳᠡᠭᠡ ᠨᠤᠲᠤᠭ ᠤᠨ | ᠵᠢᠭᠤᠯᠴᠢᠯᠡᠯ ᠤᠨ ᠪᠠᠶᠠᠷ ᠪᠠᠭ᠋ᠠᠳᠤᠯ ᠢ ᠮᠡᠳᠡᠷᠡᠵᠦ᠂ ᠪᠡᠶ᠎ᠡ ᠰᠡᠳᠭᠢᠯ ᠢᠶᠠᠨ ᠲᠠᠶᠢᠪᠤᠰᠢᠷᠠᠭᠤᠯᠬᠤ ᠪᠠᠶᠠᠷ ᠪᠠᠭ᠋ᠠᠳᠤᠯ ᠢ | ᠡᠳ᠋ᠯᠡᠵᠦ ᠴᠢᠳᠠᠨ᠎ᠠ᠃ | ᠤᠯᠠᠭᠠᠨᠬᠤᠲᠠ ᠰᠢᠨ᠎ᠠ ᠶᠢ ᠡᠭᠦᠳᠬᠦ ᠪᠠᠷ ᠪᠢᠷ ᠪᠤᠯᠭᠠᠵᠦ᠂ ᠪᠠᠶᠢᠭᠠᠯᠢ ᠪᠠᠷ ᠪᠡᠭᠡ ᠪᠤᠯᠭᠠᠵᠦ᠂ ᠵᠤᠨ ᠤ | ᠤᠯᠠᠷᠢᠯ ᠤᠨ ᠰᠠᠶᠢᠨ ᠰᠠᠶᠢᠬᠠᠨ ᠦᠡᠭᠭᠡ ᠦᠵᠡᠮᠵᠢ ᠶᠢ ᠪᠦᠷᠢᠳᠦᠭᠦᠯᠵᠦ᠂ ᠰᠢᠨ᠎ᠠ ᠬᠡᠯᠪᠡᠷᠢ ᠶᠢᠨ ᠵᠢᠭᠤᠯᠴᠢᠯᠠᠯ ᠤᠨ | ᠵᠠᠬᠪᠦᠷ ᠢ ᠵᠢᠷᠤᠬᠯᠠᠵᠦ ᠪᠠᠶᠢᠨ᠎ᠠ᠃ ᠡᠭᠦᠨ ᠢᠶᠠᠷ ᠦᠯᠦ ᠪᠠᠷᠠᠨ᠂ ᠤᠶᠢᠯᠡᠴᠢᠯᠡᠭᠡ ᠪᠠᠨ ᠰᠠᠶᠢᠵᠢᠷᠠᠭᠤᠯᠵᠦ᠂ | ᠤᠶᠢᠯᠡᠳᠭᠦᠨ ᠤ ᠬᠠᠨᠭ᠍ᠭᠠᠯᠭ᠎ᠠ ᠪᠠᠨ ᠪᠠᠶᠠᠯᠢᠬᠵᠢᠭᠤᠯᠵᠦ᠂ ᠰᠢᠨ᠎ᠠ ᠶᠢ ᠡᠭᠦᠳᠴᠦ ᠬᠦᠳᠡᠭᠡ ᠨᠤᠲᠤᠭ ᠤᠨ ᠵᠢᠭᠤᠯᠴᠢᠯᠡᠯ ᠢ | ᠳᠡᠰ ᠳᠡᠪᠰᠢᠭᠦᠯᠵᠦ᠂ ᠡᠯ᠎ᠠ ᠭᠠᠵᠠᠷ ᠤᠨ ᠵᠢᠭᠤᠯᠴᠢᠯᠠᠬᠴᠢᠳ ᠲᠤ ᠵᠤᠨ ᠤ ᠤᠯᠠᠷᠢᠯ ᠤᠨ ᠬᠠᠪᠤ ᠴᠡᠩᠭᠡᠯ ᠡᠳ᠋ᠯᠡᠭᠦᠯᠵᠦ᠂ | ᠤᠯᠠᠭᠠᠨᠬᠤᠲᠠ ᠶᠢᠨ ᠵᠢᠭᠤᠯᠴᠢᠯᠡᠯ ᠤᠨ ᠤᠶᠢᠯᠡᠰ ᠤᠨ ᠬᠦᠭᠵᠢᠯᠲᠠ ᠶᠢ ᠠᠬᠢᠭᠤᠯᠬᠤ ᠳᠤ ᠬᠦᠴᠦᠨ ᠨᠠᠮᠡᠷᠢᠯᠡᠵᠦ ᠪᠠᠶᠢᠨ᠎ᠠ | ᠃ ︵ᠳᠠᠷᠬᠠᠨ︶ | | | |