ᠮᠠᠨ ᠤ ᠤᠷᠤᠨ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠴᠠᠭ ᠢ ᠳᠤᠭᠳᠠᠭᠠᠪᠠ
ᠨᠡᠶᠢᠲᠡᠯᠡᠭᠰᠡᠨ ᠴᠠᠭ᠄
2025/6/13
        ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠪᠠ ᠰᠤᠷᠭᠠᠭᠤᠯᠢ ᠳᠤ ᠡᠯᠰᠡᠬᠦ ᠠᠵᠢᠯ ᠤᠨ ᠬᠡᠷᠡᠭᠵᠢᠭᠦᠯᠬᠦ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠣᠭᠲᠠᠭᠠᠯ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠴᠠᠭ ᠪᠠ ᠲᠠᠩᠰᠠ ᠡᠪᠬᠡᠮᠡᠯ ᠥᠭᠴᠦ ᠡᠯᠰᠡᠬᠦ ᠵᠡᠷᠭᠡ ᠠᠵᠢᠯ ᠢ ᠪᠠᠶᠢᠷᠢᠯᠠᠭᠤᠯᠪᠠ᠃        ᠰᠦᠯᠵᠢᠶᠡᠨ ᠳᠡᠬᠡᠷ᠎ᠡ ᠡᠷᠡᠮᠡᠯᠵᠡᠯ ᠲᠠᠭᠯᠠᠬᠤ ᠴᠠᠭ ᠤᠨ ᠲᠣᠬᠢᠷᠠᠭᠤᠯᠤᠯᠲᠠ        1. ᠰᠠᠨᠠᠮᠵᠢ ᠶᠢᠨ ᠡᠷᠡᠮᠡᠯᠵᠡᠯ ᠲᠠᠭᠯᠠᠨ ᠮᠡᠳᠡᠭᠦᠯᠬᠦ ᠲᠣᠬᠢᠷᠠᠭᠤᠯᠤᠯᠲᠠ᠄        6 ᠰᠠᠷ᠎ᠠ ᠶᠢᠨ 26 ᠤ ᠡᠳᠦᠷ ᠤᠨ 9᠄ 00 — 17᠄ 00 ᠴᠠᠭ ᠲᠤ᠂ ᠰᠢᠯᠭᠠᠭᠤᠯᠤᠭᠴᠢ ᠵᠡᠷᠭᠡᠴᠡᠭᠡ ᠡᠷᠡᠮᠡᠯᠵᠡᠯ ᠤᠨ ᠵᠠᠭᠪᠤᠷ ᠢᠶᠠᠷ ᠤᠷᠢᠳᠴᠢᠯᠠᠨ ᠡᠯᠰᠡᠬᠦ ᠪᠦᠯᠦᠭ ᠤᠨ ᠰᠠᠨᠠᠮᠵᠢ ᠶᠢᠨ ᠡᠷᠡᠮᠡᠯᠵᠡᠯ ᠲᠠᠭᠯᠠᠵᠤ ᠮᠡᠳᠡᠭᠦᠯᠦᠨ᠎ᠡ᠃ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠬᠡᠵᠢᠯ︶ ᠤᠨ ᠤᠷᠢᠳᠴᠢᠯᠠᠨ ᠡᠯᠰᠡᠬᠦ ᠪᠦᠯᠦᠭ ᠢ ᠬᠠᠮᠲᠤ ᠳᠤᠨᠢ ᠲᠠᠭᠯᠠᠨ ᠮᠡᠳᠡᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠲᠥᠷᠥᠯ ᠤᠨ ᠰᠢᠨᠵᠢᠶᠠᠩ ᠤᠨ ᠴᠠᠭᠳᠠᠭᠠᠨ ᠤ ᠳᠡᠭᠡᠳᠦ ᠰᠤᠷᠭᠠᠭᠤᠯᠢ ᠳᠤ ᠰᠢᠯᠭᠠᠭᠤᠯᠤᠨ ᠮᠡᠳᠡᠬᠦᠯᠬᠦ ᠪᠠᠷ ᠪᠠᠶᠢᠭ᠎ᠠ ᠰᠢᠯᠭᠠᠭᠤᠯᠤᠭᠴᠢ ︽ᠰᠢᠨᠵᠢᠶᠠᠩ ᠤᠨ ᠴᠠᠭᠳᠠᠭᠠᠨ ᠤ ᠳᠡᠭᠡᠳᠦ ᠰᠤᠷᠭᠠᠭᠤᠯᠢ ᠳᠤ ᠰᠢᠯᠭᠠᠭᠤᠯᠬᠤ ᠳᠤᠷᠠᠲᠠᠢ ᠡᠰᠡᠬᠦ︾ ᠭᠡᠬᠦ ᠰᠣᠩᠭᠤᠯᠲᠠ ᠶᠢ ᠲᠠᠭᠯᠠᠬᠤ ᠬᠡᠷᠡᠭᠲᠡᠢ᠃        2. ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠪᠦᠯᠦᠭ ᠪᠠ ᠵᠢᠩᠬᠢᠨᠢ ᠠᠩᠭᠢ ᠶᠢᠨ ᠪᠦᠯᠦᠭ ᠤᠨ ᠡᠯ᠎ᠡ ᠲᠥᠷᠥᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠠᠩᠭᠢ︶ ᠤᠨ ᠤᠷᠢᠳᠴᠢᠯᠠᠨ ᠡᠯᠰᠡᠬᠦ ᠡᠩ ᠤᠨ ᠲᠥᠷᠥᠯ ᠪᠠ ᠡᠩ ᠤᠨ ᠲᠥᠷᠥᠯ ︵ᠲᠤᠰᠬᠠᠢ ᠲᠥᠷᠥᠯ︶ ᠤᠨ ᠡᠷᠡᠮᠡᠯᠵᠡᠯ ᠲᠠᠭᠯᠠᠨ ᠮᠡᠳᠡᠭᠦᠯᠬᠦ ᠲᠣᠬᠢᠷᠠᠭᠤᠯᠤᠯᠲᠠ᠄        6 ᠰᠠᠷ᠎ᠠ ᠶᠢᠨ 30 ᠤ ᠡᠳᠦᠷ ᠤᠨ 9᠄ 00 ᠴᠠᠭ ᠠᠴᠠ ᠡᠬᠢᠯᠡᠵᠦ᠂ 7 ᠰᠠᠷ᠎ᠠ ᠶᠢᠨ 4 ᠤ ᠡᠳᠦᠷ ᠤᠨ 17᠄ 00 ᠪᠣᠯᠲᠠᠯ᠎ᠠ᠂ ᠰᠢᠯᠭᠠᠭᠤᠯᠤᠭᠴᠢ ᠠᠩᠬ᠎ᠠ ᠤᠳᠠᠭ᠎ᠠ ᠡᠩ ᠤᠨ ᠲᠥᠷᠥᠯ ᠤᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠪᠦᠯᠦᠭ ︵A ᠬᠡᠰᠡᠭ᠂ B ᠬᠡᠰᠡᠭ᠂ C ᠬᠡᠰᠡᠭ︶᠂ ᠵᠢᠩᠬᠢᠨᠢ ᠠᠩᠭᠢ ᠶᠢᠨ ᠪᠦᠯᠦᠭ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠤᠷᠢᠳᠴᠢᠯᠠᠨ ᠡᠯᠰᠡᠬᠦ ᠪᠦᠯᠦᠭ᠂ ᠤᠷᠠᠯᠢᠭ ᠤᠨ ᠲᠥᠷᠥᠯ ᠤᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠪᠦᠯᠦᠭ ︵A ᠬᠡᠰᠡᠭ᠂ B ᠬᠡᠰᠡᠭ︶ ᠪᠠ ᠪᠡᠶ᠎ᠡ ᠶᠢᠨ ᠲᠠᠮᠢᠷ ᠤᠨ ᠲᠥᠷᠥᠯ ᠤᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠪᠦᠯᠦᠭ ᠤᠨ B ᠬᠡᠰᠡᠭ ᠤᠨ ᠡᠷᠡᠮᠡᠯᠵᠡᠯ ᠲᠠᠭᠯᠠᠬᠤ ᠵᠢᠴᠢ ᠠᠵᠢᠯ ᠲᠦᠷᠦᠯ ᠤᠨ ᠳᠤᠰᠬᠠᠢ ᠮᠡᠷᠬᠡᠵᠢᠯ ᠢᠶᠠᠷ ᠵᠤᠯᠭᠠᠭᠤᠯᠤᠨ ᠡᠯᠰᠡᠬᠦ ᠪᠦᠯᠦᠭ ᠤᠨ ᠵᠢᠩᠬᠢᠨᠢ ᠠᠩᠭᠢ ᠶᠢᠨ ᠪᠦᠯᠦᠭ ᠤᠨ ᠡᠷᠡᠮᠡᠯᠵᠡᠯ ᠲᠠᠭᠯᠠᠵᠤ ᠮᠡᠳᠡᠭᠦᠯᠦᠨ᠎ᠡ᠃        3. ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠤᠷᠠᠯᠢᠭ ᠤᠨ ᠲᠥᠷᠥᠯ ᠪᠠ ᠪᠡᠶ᠎ᠡ ᠶᠢᠨ ᠲᠠᠮᠢᠷ ᠤᠨ ᠲᠥᠷᠥᠯ ᠤᠨ ᠤᠷᠢᠳᠴᠢᠯᠠᠨ ᠡᠯᠰᠡᠬᠦ ᠪᠦᠯᠦᠭ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠪᠦᠯᠦᠭ ᠤᠨ ᠡᠯ᠎ᠡ ᠲᠥᠷᠥᠯ ᠤᠨ ᠡᠷᠡᠮᠡᠯᠵᠡᠯ ᠲᠠᠭᠯᠠᠨ ᠮᠡᠳᠡᠭᠦᠯᠬᠦ ᠲᠣᠬᠢᠷᠠᠭᠤᠯᠤᠯᠲᠠ᠄        7 ᠰᠠᠷ᠎ᠠ ᠶᠢᠨ 31 ᠤ ᠡᠳᠦᠷ ᠤᠨ 9᠄ 00 ᠴᠠᠭ ᠠᠴᠠ ᠡᠬᠢᠯᠡᠵᠦ᠂ 8 ᠰᠠᠷ᠎ᠠ ᠶᠢᠨ 3 ᠤ ᠡᠳᠦᠷ ᠤᠨ 17᠄ 00 ᠪᠣᠯᠲᠠᠯ᠎ᠠ᠂ ᠰᠢᠯᠭᠠᠭᠤᠯᠤᠭᠴᠢ ᠠᠩᠬ᠎ᠠ ᠤᠳᠠᠭ᠎ᠠ ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠤᠷᠢᠳᠴᠢᠯᠠᠨ ᠡᠯᠰᠡᠬᠦ ᠪᠦᠯᠦᠭ᠂ ᠡᠩ ᠤᠨ ᠲᠥᠷᠥᠯ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠪᠦᠯᠦᠭ ᠵᠢᠴᠢ ᠠᠵᠢᠯ ᠲᠦᠷᠦᠯ ᠤᠨ ᠳᠤᠰᠬᠠᠢ ᠮᠡᠷᠬᠡᠵᠢᠯ ᠢᠶᠠᠷ ᠵᠤᠯᠭᠠᠭᠤᠯᠤᠨ ᠡᠯᠰᠡᠬᠦ ᠲᠥᠷᠥᠯ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠡᠷᠡᠮᠡᠯᠵᠡᠯ ᠢ ᠲᠠᠭᠯᠠᠵᠤ ᠮᠡᠳᠡᠭᠦᠯᠦᠨ᠎ᠡ᠃ ᠳᠡᠭᠡᠷᠡᠬᠢ ᠪᠦᠯᠦᠭ ᠤᠳᠠᠭ᠎ᠠ ᠶᠢᠨ ᠡᠩ ᠤᠨ ᠲᠥᠷᠥᠯ ︵ᠲᠤᠰᠬᠠᠢ ᠲᠥᠷᠥᠯ︶᠂ ᠤᠷᠠᠯᠢᠭ ᠤᠨ ᠲᠥᠷᠥᠯ ︵ᠲᠤᠰᠬᠠᠢ ᠲᠥᠷᠥᠯ︶᠂ ᠪᠡᠶ᠎ᠡ ᠶᠢᠨ ᠲᠠᠮᠢᠷ ᠤᠨ ᠲᠥᠷᠥᠯ ︵ᠲᠤᠰᠬᠠᠢ ᠲᠥᠷᠥᠯ︶ ᠤᠨ ᠰᠣᠷᠣᠭᠴᠢ ᠡᠯᠰᠡᠬᠦ ᠲᠥᠯᠥᠪᠯᠡᠭᠡ ᠶᠢ ᠬᠠᠮᠲᠤ ᠳᠤᠨᠢ ᠲᠠᠭᠯᠠᠨ ᠮᠡᠳᠡᠭᠦᠯᠦᠨ᠎ᠡ᠃ ︵︽ᠳᠤᠮᠳᠠᠲᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ︶ ᠰᠢᠯᠵᠢᠭᠦᠯᠪᠠ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号