| ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ︽ᠳᠥᠷᠪᠡᠨ ᠰᠤᠷᠲᠠᠯ︾ ᠤᠨ | ᠠᠰᠠᠭᠤᠳᠠᠯ ᠳᠠᠬᠢᠨ ᠡᠭᠦᠰᠬᠦ ᠶᠢ ᠡᠷᠡᠰ ᠬᠤᠷᠢᠭᠯᠠᠵᠤ᠂ ᠺᠠᠳ᠋ᠷ ᠠᠵᠢᠯᠲᠠᠨ ᠤ ᠰᠠᠬᠢᠯᠭ᠎ᠠ ᠪᠠᠲᠤ ᠰᠤᠷᠲᠠᠯ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 10 ᠤ ᠡᠳᠦᠷ᠂ | ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠺᠠᠳ᠋ᠷ ᠠᠵᠢᠯᠲᠠᠨ ᠤ ᠶᠡᠭᠡ ᠬᠤᠷᠠᠯ | ᠬᠤᠷᠠᠯᠳᠤᠭᠤᠯᠪᠠ᠃ ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠧᠩ ᠢᠦᠶ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ︽ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ︾ ᠤᠨ | ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠯ ᠢ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ 13 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠵᠢᠴᠢ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠠᠵᠢᠯ ᠤᠨ ᠲᠤᠰᠬᠠᠶ ᠠᠩᠭᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠯᠪᠠᠨ | ᠲᠢᠩᠬᠢᠮ ᠤᠨ ᠢᠯᠡ ᠪᠠᠷ ᠵᠠᠷᠯᠠᠨ ᠮᠡᠳᠡᠭᠳᠡᠭᠰᠡᠨ ᠨᠠᠮ ᠤᠨ ᠭᠡᠰᠢᠭᠦᠨ ᠺᠠᠳ᠋ᠷᠴᠤᠳ ᠤᠨ ᠲᠣᠭᠲᠠᠭᠠᠯ ᠠᠴᠠ ᠵᠥᠷᠢᠴᠡᠨ | ᠢᠳᠡᠵᠦ ᠤᠤᠭᠤᠬᠰᠠᠨ 2 ᠬᠡᠷᠡᠭ ᠤᠨ ᠵᠢᠱᠢᠶ᠎ᠡ ᠶᠢ ᠳᠤᠷᠠᠳᠴᠤ ᠣᠯᠠᠨ ᠳᠤ ᠴᠡᠭᠡᠷᠯᠡᠯ ᠪᠣᠯᠭᠠᠬᠤ ᠶᠢᠨ ᠳᠠᠭᠠᠤ | ᠰᠠᠶᠢᠲᠤᠷ ᠠᠩᠬᠠᠷᠬᠤ ᠬᠡᠷᠡᠭᠲᠡᠢ ᠭᠡᠵᠡᠢ᠃ | ᠬᠤᠷᠠᠯ ᠠᠴᠠ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠪᠣᠯ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠴᠢᠬᠤᠯᠠ ᠡᠭᠦᠷᠭᠡ | ᠮᠥᠨ᠂ ᠪᠦᠬᠦ ᠺᠠᠳ᠋ᠷ ᠠᠵᠢᠯᠲᠠᠨ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠰᠬᠠᠶ ᠰᠡᠳᠦᠪᠲᠦ ᠰᠤᠷᠤᠯᠴᠠᠯᠭ᠎ᠠ ᠶᠢ ᠭᠦᠨᠵᠡᠭᠡᠶ | ᠥᠷᠨᠢᠭᠦᠯᠵᠦ᠂ ᠨᠠᠩ ᠨᠠᠷᠢᠯᠢᠭ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ | ᠭᠦᠨᠵᠡᠭᠡᠶᠢᠷᠡᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠡᠷᠡᠰ ᠵᠠᠯᠠᠷᠠᠭᠤᠯᠬᠤ | ᠬᠡᠷᠡᠭᠲᠡᠶ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠺᠠᠳ᠋ᠷ ᠠᠵᠢᠯᠲᠠᠨ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠬᠦᠨᠳᠦ | ᠨᠣᠴᠢᠲᠠᠶ ᠤᠯᠤᠰ ᠲᠥᠷᠥ ᠶᠢᠨ ᠬᠤᠤᠷ ᠬᠥᠨᠥᠭᠡᠯ ᠢ ᠭᠦᠨᠵᠡᠭᠡᠶ ᠲᠠᠨᠢᠵᠤ᠂ ᠬᠡᠷᠡᠭ ᠢᠶᠠᠷ ᠲᠣᠯᠢ ᠪᠣᠯᠭᠠᠵᠤ᠂ ᠲᠣᠰ | ᠪᠡᠶ᠎ᠡ ᠶᠢᠨ ᠦᠢᠯᠡ ᠠᠵᠢᠯᠯᠠᠭ᠎ᠠ ᠪᠠᠨ ᠵᠢᠷᠤᠮᠵᠢᠭᠤᠯᠬᠤ ᠬᠡᠷᠡᠭᠲᠡᠶ᠃ ᠤᠳᠤᠷᠢᠳᠬᠤ ᠪᠠᠭ ᠤᠨ ᠪᠦᠷᠢᠯᠳᠦᠬᠦᠨ | ᠪᠡᠶ᠎ᠡ ᠪᠠᠷ ᠢᠶᠠᠨ ᠬᠡᠪ ᠲᠦᠷᠢᠮ ᠦᠵᠡᠭᠦᠯᠦᠨ ᠰᠠᠬᠢᠯᠭ᠎ᠠ ᠪᠠᠲᠤ ᠶᠢ ᠰᠠᠬᠢᠵᠤ᠂ ᠲᠦᠷᠦᠭᠦᠯᠡᠨ ᠠᠷᠢᠭᠤᠨ ᠴᠢᠬᠡᠴᠢ ᠪᠠᠷ | ᠬᠠᠷᠢᠯᠴᠠᠵᠤ᠂ ᠲᠦᠷᠦᠭᠦᠯᠡᠨ ᠬᠢᠨᠠᠯᠲᠠ ᠶᠢ ᠬᠦᠯᠢᠶᠡᠵᠦ᠂ ︽ᠬᠠᠷᠢᠯᠴᠠᠨ ᠵᠠᠯᠠᠵᠤ ᠢᠳᠡᠵᠦ ᠤᠤᠬᠤᠭᠤ︾᠂ ︽ | ᠠᠯᠪᠠᠨ ᠤ ᠬᠢ ᠶᠢ ᠢᠳᠡᠬᠦ︾᠂ ︽ᠬᠤᠭᠤᠯᠠᠨ ᠭᠡᠷ ᠲᠤ ᠢᠳᠡᠬᠦ︾᠂ ︽ᠳᠣᠤᠷᠠᠳᠤ ᠱᠠᠲᠤ ᠪᠠᠨ ᠢᠳᠡᠬᠦ︾ ᠵᠡᠷᠭᠡ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠶᠢᠨ ᠬᠠᠮᠲᠤ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠱᠠᠭᠠᠷᠳᠠᠯᠭ᠎ᠠ ᠪᠠ ᠳᠠᠷᠤᠯᠲᠠ ᠶᠢ ᠨᠠᠮ ᠤᠨ ᠡᠭᠦᠷ ᠨᠢᠭᠡᠪᠦᠷᠢ᠂ ᠺᠠᠳ᠋ᠷ ᠨᠢᠭᠡᠪᠦᠷᠢ᠂ | ᠨᠠᠮ ᠤᠨ ᠭᠡᠰᠢᠭᠦᠨ ᠨᠢᠭᠡᠪᠦᠷᠢ ᠳᠤ ᠳᠠᠮᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠦᠨᠡᠨ ᠬᠦ ᠰᠡᠷᠡᠮᠵᠢᠯᠡᠭᠦᠯᠵᠦ᠂ | ᠪᠢᠰᠢᠷᠡᠨ ᠵᠢᠷᠦᠬᠡᠰᠢᠶᠡᠵᠦ᠂ ᠬᠤᠷᠢᠭ᠎ᠠ ᠱᠤᠭᠤᠮ ᠢ ᠰᠠᠬᠢᠬᠤ ᠶᠢ ᠪᠥᠬᠦ ᠬᠦᠴᠦᠨ ᠢᠶᠠᠷ ᠠᠬᠢᠭᠤᠯᠵᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠣᠷᠳᠣ | ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠾᠧᠪᠸᠢ ᠮᠤᠵᠢ ᠶᠢᠨ ᠰᠠᠨ ᠾᠧ ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ | ᠳᠤᠮᠳᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠵᠦ᠂ ᠤᠯᠠᠨ ᠲᠦᠮᠡᠨ ᠤ ᠠᠰᠢᠭ | ᠲᠤᠰᠠ ᠶᠢ ᠬᠤᠬᠢᠷᠠᠭᠤᠯᠤᠭᠰᠠᠨ ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠳᠤᠷᠠᠳᠴᠤ ᠣᠯᠠᠨ ᠢ | ᠰᠡᠷᠡᠮᠵᠢᠯᠡᠭᠦᠯᠬᠦ ᠶᠢᠨ ᠳᠠᠭᠠᠤ ᠪᠤᠰᠤᠳ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ | | | |