ᠢᠯᠠᠯᠲᠠ ᠪᠠᠯᠭᠠᠰᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠤᠨ | ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ | | 6 ᠰᠠᠷ᠎ᠠ ᠶᠢᠨ 9 ᠤ ᠡᠳᠦᠷ᠂ ᠤᠯᠠᠭᠠᠨᠬᠤᠲᠠ ᠶᠢᠨ ᠢᠯᠠᠯᠲᠠ ᠪᠠᠯᠭᠠᠰᠤ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ | ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠣᠶᠢᠯᠠᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠢᠯᠠᠯᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠶᠠ ᠸᠧᠶ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠤ᠂ ᠪᠠᠶᠢᠭᠤᠯᠭ᠎ᠠ ᠶᠢᠨ ᠪᠥᠬᠦ ᠺᠠᠳ᠋ᠷ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ | ᠡᠭᠦᠷ ᠤᠨ ᠱᠦᠵᠢ ᠬᠤᠷᠠᠯ ᠳᠤ ᠣᠷᠣᠯᠴᠠᠵᠠᠶ᠃ | ᠬᠤᠷᠠᠯ ᠠᠴᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ︽ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ | ᠮᠡᠳᠡᠭᠳᠡᠯ︾ ᠪᠠ ᠨᠠᠮ ᠤᠨ ᠲᠥᠪ ᠬᠤᠷᠢᠶ᠎ᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ᠂ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠠᠯᠪᠠᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ | ᠬᠥᠮᠦᠵᠢᠯ ᠤᠨ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠶ ᠵᠥᠷᠢᠴᠡᠭᠰᠡᠨ 2 ᠨᠡᠶᠢᠲᠡᠯᠢᠭ ᠠᠰᠠᠭᠤᠳᠠᠯ ᠤᠨ ᠲᠤᠬᠠᠶ | ᠵᠠᠷᠯᠠᠯ᠂ ᠾᠧᠪᠸᠢ ᠮᠤᠵᠢ ᠶᠢᠨ ᠰᠠᠨ ᠾᠧ ᠬᠤᠲᠠ ᠶᠢᠨ ᠬᠤᠲᠠ ᠶᠢᠨ ᠬᠠᠮᠢᠶᠠᠷᠤᠯᠲᠠ ᠳᠤᠮᠳᠠ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ | ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ | ᠪᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠪᠣᠯ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ | ᠴᠢᠬᠤᠯᠠ ᠡᠭᠦᠷᠭᠡ ᠮᠥᠨ᠂ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ | ᠠᠵᠢᠯ ᠤᠨ ᠱᠠᠭᠠᠷᠳᠠᠯᠭ᠎ᠠ ᠲᠠᠢ ᠡᠷᠡᠰ ᠨᠢᠭᠡᠳᠬᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠬᠦᠨᠳᠦ | ᠨᠣᠴᠢᠲᠠᠶ ᠤᠯᠤᠰ ᠲᠥᠷᠥ ᠶᠢᠨ ᠬᠤᠤᠷ ᠬᠥᠨᠥᠭᠡᠯ ᠢ ᠭᠦᠨᠵᠡᠭᠡᠶ ᠲᠠᠨᠢᠵᠤ᠂ ᠦᠨᠡᠨ ᠢ ᠪᠠᠷᠢᠮᠲᠠᠯᠠᠨ ᠬᠠᠲᠠᠭᠤ ᠶᠢ | ᠬᠦᠨᠳᠡᠬᠦ ᠪᠣᠳᠠᠲᠠᠶ ᠠᠷᠭ᠎ᠠ ᠬᠡᠮᠵᠢᠶ᠎ᠡ ᠪᠠᠷ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ | ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠬᠡᠷᠡᠭ ᠢᠶᠠᠷ ᠴᠡᠭᠡᠷᠯᠡᠯ ᠪᠣᠯᠭᠠᠵᠤ᠂ | ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ︽ᠪᠠᠭ᠎ᠠ ᠶᠠᠪᠤᠳᠠᠯ ᠪᠠᠭ᠎ᠠ ᠶᠠᠪᠤᠳᠠᠯ ᠤᠨ ᠣᠨᠣᠯ︾᠂ ︽ | ᠬᠥᠭᠵᠢᠯᠲᠡ ᠶᠢ ᠨᠥᠯᠥᠭᠡᠯᠡᠬᠦ ᠤᠨᠤᠯ︾᠂ ︽ᠠᠵᠢᠯ ᠲᠦᠷᠦᠯ ᠤᠨ ᠣᠨᠴᠠᠭᠠᠶ ᠣᠨᠣᠯ︾ ᠵᠡᠷᠭᠡ ᠪᠤᠷᠤᠭᠤ | ᠲᠠᠨᠢᠯᠲᠠ ᠶᠢ ᠤᠬᠠᠮᠰᠠᠷ ᠠᠴᠠ ᠪᠠᠨ ᠵᠠᠯᠠᠷᠠᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ᠮᠥᠨ | ᠴᠢᠨᠠᠷ ᠪᠠ ᠤᠯᠤᠰ ᠲᠥᠷᠥ ᠶᠢᠨ ᠬᠤᠤᠷ ᠬᠥᠨᠥᠭᠡᠯ ᠢ ᠲᠣᠳᠣᠷᠬᠠᠶ ᠲᠠᠨᠢᠵᠤ᠂ ︽ᠢᠳᠡᠭᠡᠨ ᠤᠮᠳᠠᠭᠠᠨ ᠤ | ᠲᠠᠯ᠎ᠠ ᠪᠠᠷ ᠬᠢ ᠭᠠᠵᠢᠭᠤ ᠰᠤᠷᠲᠠᠯ︾ ᠢ ᠡᠷᠡᠰ ᠬᠤᠷᠢᠭᠯᠠᠵᠤ᠂ ︽ᠠᠷᠢᠬᠢᠨ ᠰᠢᠷᠡᠭᠡᠨ ᠳᠡᠭᠡᠷᠡᠬᠢ ᠠᠷᠠᠯᠵᠢᠶ᠎ᠠ︾ ᠶᠢ | ᠡᠷᠡᠰ ᠬᠤᠷᠢᠭᠯᠠᠵᠤ᠂ ︽ᠢᠳᠡᠵᠦ ᠤᠤᠭᠤᠬᠤ ᠰᠤᠷᠲᠠᠯ︾ ᠳᠠᠬᠢᠨ ᠢᠯᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ᠃ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯᠴᠢ ᠬᠢᠴᠢᠶᠡᠩᠭᠦᠢ ᠪᠠᠷ ᠬᠠᠮᠢᠶᠠᠷᠬᠤ ᠶᠢ ᠴᠢᠩᠭᠠᠳᠬᠠᠵᠤ᠂ ᠳᠡᠭᠡᠳᠦ | ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠣᠭᠤᠳᠴᠤ᠂ ᠪᠠᠲᠤ ᠶᠣᠰᠣ | ᠲᠦᠷᠢᠮ᠂ ᠬᠠᠲᠠᠭᠤ ᠪᠠᠷᠢᠮᠵᠢᠶ᠎ᠠ ᠱᠠᠭᠠᠷᠳᠠᠯᠭ᠎ᠠ ᠶᠢ ᠨᠠᠮ ᠤᠨ ᠭᠡᠰᠢᠭᠦᠨ ᠨᠢᠭᠡᠪᠦᠷᠢ᠂ ᠺᠠᠳ᠋ᠷ ᠨᠢᠭᠡᠪᠦᠷᠢ ᠳᠤ | ᠨᠠᠶᠢᠳᠠᠪᠤᠷᠢᠵᠢᠭᠤᠯᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠰᠤᠷᠤᠯᠴᠠᠨ ᠪᠠᠶᠢᠴᠠᠭᠠᠵᠤ | ᠥᠭᠡᠷᠡᠴᠢᠯᠡᠬᠦ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠶᠢᠨ ᠶᠠᠰᠤ ᠴᠢᠨᠠᠷ ᠢ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ | ᠥᠷᠭᠡᠳᠬᠡᠬᠦ ᠬᠡᠷᠡᠭᠲᠡᠢ ᠭᠡᠵᠠᠢ᠃ | | | | |