| ᠲᠤᠳᠤᠷᠭ᠎ᠠ ᠭᠡᠬᠦ ᠪᠠᠷ ᠬᠠᠷᠠᠮᠦ᠋ᠷᠡᠨ ᠤ ᠡᠤ ᠴᠠᠩ ᠤᠨ ᠲᠤᠳᠤᠷᠭ᠎ᠠ ᠵᠠᠬ᠎ᠠ ᠳᠡᠯᠭᠡᠭᠦᠷ ᠢ ᠶᠡᠭᠡ ᠪᠠᠷ ᠡᠵᠡᠯᠡᠵᠦ | ᠢᠷᠡᠭᠰᠡᠨ ᠨᠢ ᠳᠠᠮᠵᠢᠭ ᠦᠭᠡᠢ᠃ ᠭᠡᠪᠡᠴᠤ ᠤᠶᠢᠷ᠎ᠠ ᠶᠢᠨ ᠵᠢᠯ ᠠᠴᠠ ︽ᠬᠢᠩᠭᠠᠨ ᠠᠶᠢᠮᠠᠭ ᠤᠨ ᠲᠤᠳᠤᠷᠭ᠎ᠠ︾ | ᠶᠡᠭᠡ ᠪᠠᠷ ᠨᠡᠷ᠎ᠠ ᠮᠠᠨᠳᠤᠵᠤ᠂ ᠦᠪᠦᠷ ᠮᠤᠩᠭᠤᠯ ᠲᠡᠳᠦᠢ ᠦᠭᠡᠢ ᠪᠡᠭᠡᠵᠢᠩ᠂ ᠲᠢᠶᠠᠨᠵᠢᠨ ᠵᠡᠷᠭᠡ ᠶᠡᠭᠡ ᠬᠤᠳᠠ ᠵᠢᠴᠢ | ᠰᠦᠯᠵᠢᠶ᠎ᠠ ᠪᠠᠷ ᠪᠤᠷᠤᠯᠠᠭᠤᠯᠭ᠎ᠠ ᠰᠠᠶᠢᠳᠠᠢ ᠪᠤᠯᠵᠤ ᠪᠠᠶᠢᠨ᠎ᠠ᠃ ︽ᠬᠢᠨᠭ᠍ᠭᠠᠨ ᠠᠶᠢᠮᠠᠭ ᠤᠨ ᠳᠤᠲᠤᠷᠭ᠎ᠠ︾ ᠴᠤᠬᠤᠮ | ᠶᠠᠭᠤ ᠪᠠᠷ ᠢᠶᠠᠨ᠂ ᠬᠡᠵᠢᠶ᠎ᠠ ᠠᠴᠠ ᠡᠬᠢᠯᠡᠵᠦ ᠨᠡᠷ᠎ᠠ ᠮᠠᠨᠳᠤᠭᠰᠠᠨ ᠪᠤᠯ︖ | ᠠᠩᠬᠢᠯᠤᠮ᠎ᠠ᠂ ᠵᠦᠭᠡᠯᠡᠨ᠂ ᠠᠮᠳᠠᠯᠢᠭ ᠪᠤᠯ ᠬᠢᠩᠭᠠᠨ ᠠᠶᠢᠮᠠᠭ ᠤᠨ ᠲᠤᠳᠤᠷᠭ᠋ ᠶᠢᠨ ᠲᠤᠪᠤᠶᠢᠮ᠎ᠠ ᠤᠨᠴᠠᠯᠢᠭ | ᠪᠠᠶᠢᠵᠤ᠂ ︽ᠨᠢᠭᠡ ᠡᠷᠦᠬᠡ ᠪᠤᠳᠠᠭ᠎ᠠ ᠴᠢᠨᠠᠬᠤ ᠪᠠᠷ ᠠᠷᠪᠠᠨ ᠡᠷᠦᠬᠡ ᠳᠤ ᠰᠠᠶᠢᠬᠠᠨ ᠦᠨᠦᠷ ᠬᠠᠩᠬᠤᠯᠵᠤ᠂ ᠠᠷᠪᠠᠨ | ᠡᠷᠦᠬᠡ ᠪᠤᠳᠠᠭ᠎ᠠ ᠴᠢᠨᠠᠬᠤ ᠪᠠᠷ ᠪᠦᠬᠦ ᠲᠤᠰᠬᠤᠨ ᠢᠶᠠᠷ ᠢᠶᠠᠨ ᠰᠠᠶᠢᠬᠠᠨ ᠦᠨᠦᠷ ᠬᠠᠩᠬᠤᠯᠤᠨ᠎ᠠ︾ ᠭᠡᠳᠡᠭ᠃ | ᠬᠢᠩᠭᠠᠨ ᠠᠶᠢᠮᠠᠭ ᠤᠮᠠᠷᠠᠲᠤ ᠥᠷᠭᠡᠷᠢᠭ ᠤᠨ 46 ᠭᠷᠠᠳᠦ᠋ᠰ ᠤᠨ ᠶᠡᠭᠡ ᠬᠢᠩᠭᠠᠨ ᠳᠠᠪᠠᠭ᠎ᠠ ᠶᠢᠨ ᠡᠮᠦᠨ᠎ᠡ | ᠬᠤᠷᠮᠣᠶ ᠶᠢᠨ ᠳᠡᠯᠡᠬᠡᠶ ᠨᠡᠶᠢᠳᠡ ᠳᠤ ᠮᠡᠳᠡᠷᠡᠭᠳᠡᠭᠰᠡᠨ ︽ᠬᠦᠢᠲᠡᠨ ᠤᠷᠤᠨ ᠤ ᠤᠰᠤᠨ ᠲᠤᠲᠤᠷᠭ᠎ᠠ ᠶᠢᠨ ᠰᠢᠵᠢᠷ | ᠠᠯᠲᠠᠨ ᠪᠦᠰᠨ︾ ᠳᠤ ᠪᠠᠶᠢᠷᠢᠯᠠᠳᠠᠭ᠃ ᠵᠢᠯ ᠤᠨ 135 — 140 ᠡᠳᠦᠷ ᠤᠨ ᠬᠢᠷᠠᠭᠤ ᠦᠭᠡᠢ | ᠬᠤᠭᠤᠴᠠᠭ᠎ᠠ ᠲᠠᠢ᠂ ᠨᠠᠷᠠᠨ ᠤ ᠲᠤᠰᠤᠯᠳᠠ ᠭᠦᠢᠴᠡᠳ᠂ ᠡᠳᠦᠷ ᠰᠥᠨᠢ ᠶᠢᠨ ᠠᠭᠠᠷ ᠤᠨ ᠳᠤᠯᠠᠭᠠᠨ ᠤ ᠵᠥᠷᠢᠶ᠎ᠠ ᠶᠡᠭᠡ | ᠂ ᠬᠦᠷᠦᠰᠦ ᠰᠢᠷᠤᠢ ᠪᠤᠬᠢᠷᠳᠦᠯ ᠦᠭᠡᠢ᠂ ᠭᠤᠤᠯ ᠤᠰᠤ ᠨᠢ ᠲᠤᠩᠭᠠᠯᠠᠭ᠂ ᠠᠭᠠᠷ ᠨᠢ ᠴᠡᠯᠮᠡᠭ ᠭᠡᠬᠦ ᠵᠡᠷᠭᠡ ᠨᠢ ᠴᠦᠮ | ᠬᠢᠩᠭᠠᠨ ᠠᠶᠢᠮᠠᠭ ᠲᠤ ᠠᠮᠳᠠᠳᠤ ᠲᠤᠳᠤᠷᠭ᠎ᠠ ᠭᠠᠷᠬᠤ ᠶᠢᠨ ᠪᠠᠶᠢᠭᠠᠯᠢ ᠶᠢᠨ ᠳᠠᠪᠠᠭᠤᠯᠢᠭ ᠪᠤᠯᠵᠠᠢ᠃ | ᠬᠡᠷᠡᠭ ᠳᠡᠭᠡᠷ᠎ᠠ ᠪᠠᠨ ᠬᠢᠩᠭᠠᠨ ᠠᠶᠢᠮᠠᠭ ᠲᠤ ᠤᠰᠤᠨ ᠲᠤᠳᠤᠷᠭ᠎ᠠ ᠲᠠᠷᠢᠵᠤ ᠤᠷᠭᠤᠭᠤᠯᠤᠭᠰᠠᠨ ᠲᠡᠦᠬᠡ ᠨᠢ | ᠬᠠᠷᠠᠮᠦ᠋ᠷᠡᠨ ᠤ ᠡᠤ ᠴᠠᠩ᠂ ᠯᠢᠶᠤᠤᠨᠢᠩ ᠤᠨ ᠫᠠᠨ ᠶᠢᠨ ᠮᠡᠳᠤ ᠶᠢᠨ ᠭᠠᠵᠠᠷ ᠲᠠᠢ ᠪᠠᠷᠤᠭ ᠵᠡᠷᠭᠡᠴᠡᠵᠤ ᠪᠠᠶᠢᠳᠠᠭ᠃ | ᠬᠢᠨᠭ᠍ᠭᠠᠨ ᠠᠶᠢᠮᠠᠭ ᠤᠨ ᠳᠤᠳᠤᠷᠭ᠎ᠠ ᠳᠤ ᠸᠢᠲ᠋ᠠᠮᠢᠨ ᠤ ᠲᠦᠷᠦᠯ᠂ ᠤᠭᠤᠷᠠᠭ ᠵᠡᠷᠭᠡ ᠰᠢᠮ᠎ᠠ ᠲᠡᠵᠢᠭᠡᠯ ᠤᠨ ᠡᠯᠧᠮᠧᠨ᠋ᠲ | ᠪᠠ ᠺᠠᠯᠼ᠂ ᠰᠧᠯᠧᠨ ᠵᠡᠷᠭᠡ ᠪᠢᠴᠢᠯ ᠡᠯᠧᠮᠧᠨ᠋ᠲ ᠡᠯᠪᠡᠭ ᠠᠭᠤᠯᠤᠭᠳᠠᠵᠤ᠂ ᠨᠢᠭᠡᠳᠦᠭᠡᠷ ᠳᠡᠰ ᠤᠨ ᠴᠢᠨᠠᠷ ᠰᠠᠶᠢᠳᠠᠢ | ᠲᠤᠳᠤᠷᠭ᠎ᠠ ᠳᠤ ᠪᠠᠭᠳᠠᠨ᠎ᠠ᠃ ᠭᠡᠪᠡᠴᠤ ᠠᠩᠬ᠎ᠠ ᠡᠬᠢᠨ ᠳᠡᠭᠡᠨ ᠲᠦᠷᠦᠯ ᠲᠡᠮᠳᠡᠭ ᠪᠤᠯᠵᠤ ᠪᠦᠷᠢᠯᠳᠦᠭᠰᠡᠨ ᠦᠭᠡᠢ᠂ | ᠨᠡᠷ᠎ᠠ ᠨᠦᠯᠦᠭᠡ ᠪᠠᠷ ᠪᠠᠭ᠎ᠠ᠂ ᠲᠠᠷᠠᠬᠠᠢ ᠪᠤᠳᠠᠷᠬᠠᠢ ᠪᠠᠷ ᠲᠠᠷᠢᠵᠤ ᠲᠠᠷᠠᠬᠠᠢ ᠪᠤᠳᠠᠷᠬᠠᠢ ᠪᠠᠷ ᠪᠤᠷᠤᠯᠠᠭᠤᠯᠵᠤ ᠪᠠᠶᠢᠭᠰᠠᠨ | ᠢᠶᠠᠷ ᠵᠠᠬ᠎ᠠ ᠳᠡᠯᠭᠡᠭᠦᠷ ᠤᠨ ᠬᠤᠪᠢ ᠳᠤ ᠬᠢᠩᠭᠠᠨ ᠠᠶᠢᠮᠠᠭ ᠤᠨ ᠲᠤᠳᠤᠷᠭ᠎ᠠ ᠨᠢ ᠤᠷᠳᠤ ᠬᠤᠭᠤᠴᠠᠭᠠᠨ᠎ᠠ ︽ᠭᠦᠨ | ᠭᠡᠷ ᠤᠨ ᠠᠪᠠᠭ᠋ᠠᠢ︾ ᠮᠡᠳᠦ ᠤᠷᠤᠰᠢᠵᠤ ᠪᠠᠶᠢᠯ᠎ᠠ᠃ ᠵᠠᠷᠢᠮ ᠠᠵᠤ ᠠᠬᠤᠶᠢᠯᠠᠯ ᠤᠨ ᠬᠢᠨ ᠬᠢᠩᠭᠠᠨ ᠠᠶᠢᠮᠠᠭ ᠤᠨ | ᠲᠤᠳᠤᠷᠭ᠎ᠠ ᠶᠢ ᠬᠤᠳᠠᠯᠳᠤᠵᠤ ᠠᠪᠤᠭᠠᠳ ᠵᠡᠭᠦᠨ ᠬᠤᠶᠢᠳᠤ ᠶᠢᠨ ᠲᠤᠳᠤᠷᠭ᠎ᠠ ᠶᠢᠨ ᠨᠡᠷ᠎ᠠ ᠪᠠᠷ ᠦᠨᠳᠦᠷ ᠦᠨ᠎ᠠ ᠪᠠᠷ | ᠪᠤᠷᠤᠯᠠᠭᠤᠯᠬᠤ ᠦᠵᠡᠭᠳᠡᠯ ᠴᠤ ᠭᠠᠷᠴᠦ ᠦᠩᠬᠡᠷᠡᠭᠰᠡᠨ ᠶᠤᠮ᠃ | ᠭᠠᠵᠠᠷ ᠤᠷᠤᠨ ᠤ ᠨᠦᠬᠦᠴᠡᠯ ᠪᠠᠶᠢᠳᠠᠯ ᠢᠶᠠᠨ ᠰᠠᠶᠢᠳᠦᠷ ᠰᠢᠨᠵᠢᠯᠡᠵᠤ᠂ ᠵᠡᠭᠦᠨ ᠬᠤᠶᠢᠳᠤ ᠶᠢᠨ ᠲᠤᠳᠤᠷᠭ᠎ᠠ | ᠶᠢᠨ ︽ᠬᠦᠰᠢᠭᠡ ᠶᠢᠨ ᠠᠷᠤ ᠳᠠᠬᠢ ᠪᠠᠭᠠᠳᠤᠷ︾ ᠤᠨ ᠬᠤᠪᠢ ᠵᠠᠶᠠᠭ᠎ᠠ ᠠᠴᠠ ᠮᠤᠯᠳᠤᠷᠠᠬᠤ ᠶᠢᠨ ᠲᠦᠯᠦᠭᠡ᠂ | ᠬᠢᠩᠭᠠᠨ ᠠᠶᠢᠮᠠᠭ 2012 ᠣᠨ ᠠᠴᠠ ᠡᠬᠢᠯᠡᠨ ︽ᠬᠢᠩᠭᠠᠨ ᠠᠶᠢᠮᠠᠭ ᠤᠨ ᠲᠤᠳᠤᠷᠭ᠎ᠠ︾ ᠶᠢᠨ ᠲᠦᠷᠦᠯ ᠲᠡᠮᠳᠡᠭ ᠢ | ᠡᠭᠦᠳᠬᠦ ᠠᠵᠢᠯ ᠢ ᠭᠠᠷᠳᠠᠨ ᠬᠢᠵᠦ᠂ 2015 ᠣᠨ ᠳᠤ ᠤᠯᠤᠰ ᠤᠨ ᠭᠠᠵᠠᠷ ᠵᠦᠢ ᠶᠢᠨ ᠢᠯᠡᠷᠬᠡᠶᠢᠯᠡᠯᠳᠦ | ᠲᠠᠸᠠᠷ ᠤᠨ ᠲᠡᠮᠳᠡᠭ ᠢᠶᠠᠷ ᠳᠠᠩᠰᠠᠯᠠᠭᠤᠯᠪᠠ᠃ ᠭᠡᠪᠡᠴᠤ ︽ᠬᠢᠩᠭᠠᠨ ᠠᠶᠢᠮᠠᠭ ᠤᠨ ᠲᠤᠳᠤᠷᠭ᠎ᠠ︾ ᠵᠢᠩᠬᠢᠨᠢ ᠪᠠᠷ ᠨᠡᠷ᠎ᠠ | ᠮᠠᠨᠳᠤᠵᠤ ᠡᠬᠢᠯᠡᠭᠰᠡᠨ ᠨᠢ 2018 ᠣᠨ ᠤ ᠦᠶ᠎ᠠ ᠶᠢᠨ ᠤᠴᠢᠷ ᠪᠤᠯᠤᠨ᠎ᠠ᠃ | 2018 ᠣᠨ ᠤ 9 ᠰᠠᠷ᠎ᠠ ᠳᠤ ᠬᠢᠩᠭᠠᠨ ᠠᠶᠢᠮᠠᠭ ︽ᠦᠪᠦᠷ ᠮᠤᠩᠭᠤᠯ ᠤᠨ ᠴᠢᠨᠠᠷ ᠰᠠᠶᠢᠳᠠᠢ ᠲᠤᠳᠤᠷᠭ᠎ᠠ | ᠶᠢᠨ ᠨᠤᠳᠤᠭ︾ ᠭᠡᠬᠦ ᠢᠷᠠᠭᠤ ᠠᠯᠳᠠᠷ ᠢ ᠬᠦᠷᠳᠡᠪᠡ︔ 2018 ᠣᠨ ᠤ 10 ᠰᠠᠷ᠎ᠠ ᠳᠤ ᠶᠠᠪᠤᠭᠳᠠᠭᠰᠠᠨ | ᠳᠤᠮᠳᠠᠳᠤ ᠤᠯᠤᠰ ᠤᠨ ᠠᠩᠬᠠᠳᠤᠭᠠᠷ ᠬᠤᠭᠤᠴᠠᠭᠠᠨ ᠤ ᠤᠯᠠᠨ ᠤᠯᠤᠰ ᠤᠨ ᠲᠤᠳᠤᠷᠭ᠎ᠠ ᠶᠢᠨ ᠨᠠᠶᠢᠷ ᠲᠤ ᠬᠢᠩᠭᠠᠨ | ᠠᠶᠢᠮᠠᠭ ᠤᠨ ᠲᠤᠳᠤᠷᠭ᠎ᠠ ︽ᠳᠤᠮᠳᠠᠳᠤ ᠤᠯᠤᠰ ᠤᠨ ᠲᠤᠳᠤᠷᠭ᠎ᠠ ᠶᠢᠨ ᠠᠷᠪᠠᠨ ᠶᠡᠭᠡ ᠤᠷᠤᠨ ᠪᠦᠰᠡ ᠶᠢᠨ ᠨᠡᠶᠢᠳᠡ | ᠶᠢᠨ ᠬᠡᠷᠡᠭᠯᠡᠭᠡᠨ ᠤ ᠲᠦᠷᠦᠯ ᠲᠡᠮᠳᠡᠭ︾ ᠪᠠ ︽ᠳᠤᠮᠳᠠᠳᠤ ᠤᠯᠤᠰ ᠤᠨ ᠠᠷᠪᠠᠨ ᠵᠦᠢᠯ ᠤᠨ ᠠᠮᠳᠠᠳᠤ ᠲᠤᠳᠤᠷᠭ᠎ᠠ︾ | ᠶᠢᠨ ᠨᠢᠭᠡ ᠪᠠᠷ ᠦᠨᠡᠯᠡᠭᠳᠡᠪᠡ︔ 2018 ᠣᠨ ᠤ 10 ᠰᠠᠷ᠎ᠠ ᠳᠤ ᠶᠤᠸᠠᠨ ᠯᠦᠩ ᠫᠢᠩ ᠠᠺᠠᠳᠧᠮᠢᠴᠢ ᠶᠢᠨ | ᠠᠵᠢᠯᠯᠠᠬᠤ ᠦᠷᠳᠡᠭᠡ ᠬᠢᠩᠭᠠᠨ ᠠᠶᠢᠮᠠᠭ ᠲᠤ ᠰᠠᠭᠤᠷᠢᠰᠢᠪᠠ︔ 2018 ᠣᠨ ᠤ 11 ᠰᠠᠷ᠎ᠠ ᠳᠤ ᠳᠤᠮᠳᠠᠳᠤ | ᠤᠯᠤᠰ ᠤᠨ ᠠᠮᠤ ᠪᠤᠳᠠᠭᠠᠨ ᠤ ᠠᠵᠢᠯ ᠲᠦᠷᠦᠯ ᠤᠨ ᠨᠡᠶᠢᠭᠡᠮᠯᠢᠭ ᠪᠤᠯᠤᠨ ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠠᠮᠤ ᠪᠤᠳᠠᠭᠠᠨ ᠤ ᠠᠵᠢᠯ ᠲᠦᠷᠦᠯ ᠤᠨ ᠨᠡᠶᠢᠭᠡᠮᠯᠢᠭ ᠬᠢᠩᠭᠠᠨ ᠠᠶᠢᠮᠠᠭ ᠲᠤ ︽ᠳᠤᠮᠳᠠᠳᠤ | ᠤᠯᠤᠰ ᠤᠨ ᠲᠠᠯ᠎ᠠ ᠨᠤᠳᠤᠭ ᠤᠨ ᠠᠮᠢ ᠠᠬᠤᠢ ᠶᠢᠨ ᠲᠤᠳᠤᠷᠭ᠎ᠠ ᠶᠢᠨ ᠲᠦᠪ ᠢ ᠨᠤᠳᠠᠯᠠᠨ ᠳᠤᠭᠳᠠᠭᠠᠬᠤ ᠬᠤᠷᠠᠯ︾ | ᠬᠢᠵᠦ᠂ 2019 ᠣᠨ ᠤ 5 ᠰᠠᠷ᠎ᠠ ᠳᠤ ᠬᠢᠩᠭᠠᠨ ᠠᠶᠢᠮᠠᠭ ᠲᠤ ︽ᠳᠤᠮᠳᠠᠳᠤ ᠤᠯᠤᠰ ᠤᠨ ᠲᠠᠯ᠎ᠠ ᠨᠤᠳᠤᠭ ᠤᠨ ᠠᠮᠢ | ᠠᠬᠤᠢ ᠶᠢᠨ ᠲᠤᠳᠤᠷᠭ᠎ᠠ ᠶᠢᠨ ᠲᠦᠪ︾ ᠤᠨ ᠢᠷᠠᠭᠤ ᠠᠯᠳᠠᠷ ᠤᠯᠭᠤᠪᠠ︔ 2018 ᠣᠨ ᠠᠴᠠ ᠡᠬᠢᠯᠡᠵᠦ | ᠬᠢᠩᠭᠠᠨ ᠠᠶᠢᠮᠠᠭ ᠨᠢᠰᠭᠡᠯ ᠤᠨ ᠪᠠᠭᠤᠳᠠᠯ ᠵᠡᠷᠭᠡ ᠤᠯᠠᠨ ᠨᠡᠶᠢᠳᠡ ᠶᠢᠨ ᠭᠠᠵᠠᠷ ᠲᠤ ︽ᠬᠢᠩᠭᠠᠨ ᠠᠶᠢᠮᠠᠭ ᠤᠨ | ᠲᠤᠳᠤᠷᠭ᠎ᠠ︾ ᠪᠠᠨ ᠤᠬᠠᠭᠤᠯᠬᠤ ᠵᠡᠷ ᠮᠡᠳᠡᠭᠡ ᠶᠢ ᠦᠷᠭᠡᠨ ᠢᠶᠠᠷ ᠲᠠᠷᠬᠠᠭᠠᠵᠤ᠂ ᠭᠠᠳᠠᠭᠰᠢ ᠪᠠᠨ ᠦᠵᠡᠰᠭᠦᠯᠡᠩ | ᠴᠤᠭᠯᠠᠭᠠᠨ ᠳᠤ ᠤᠷᠤᠯᠴᠠᠬᠤ ᠳᠠᠭᠠᠨ ᠴᠤ ︽ᠬᠢᠩᠭᠠᠨ ᠠᠶᠢᠮᠠᠭ ᠤᠨ ᠲᠤᠳᠤᠷᠭ᠎ᠠ︾ ᠭᠡᠬᠦ ᠭᠠᠵᠠᠷ ᠵᠦᠢ ᠶᠢᠨ | ᠢᠯᠡᠷᠬᠡᠶᠢᠯᠡᠯᠳᠦ ᠲᠡᠮᠳᠡᠭ ᠢ ᠨᠢᠭᠡᠳᠦᠯᠳᠠᠢ ᠬᠡᠷᠡᠭᠯᠡᠬᠦ ᠪᠤᠯᠤᠭᠰᠠᠨ ᠶᠤᠮ᠃ | 2018 ᠣᠨ ᠳᠤ ᠬᠢᠩᠭᠠᠨ ᠠᠶᠢᠮᠠᠭ 118 ᠲᠦᠮᠡᠨ ᠮᠤ᠋ ᠤᠰᠤᠨ ᠲᠤᠳᠤᠷᠭ᠎ᠠ ᠲᠠᠷᠢᠵᠤ᠂ ᠲᠤᠳᠤᠷᠭ᠎ᠠ | ᠶᠢᠨ ᠤᠨᠠᠯᠳᠠ 13.8 ᠳ᠋ᠦᠩᠰᠢᠭᠤᠷ ᠵᠢᠩ ᠳᠤ ᠬᠦᠷᠴᠤ᠂ ᠤᠰᠤᠨ ᠲᠤᠳᠤᠷᠭ᠎ᠠ ᠲᠠᠷᠢᠭᠰᠠᠨ ᠲᠠᠷᠢᠶᠠᠴᠢᠳ ᠤᠨ | ᠤᠷᠤᠯᠭ᠎ᠠ ᠬᠦᠮᠦᠨ ᠳᠤᠮᠳᠠᠴᠢ ᠪᠠᠷ 800 ᠭᠠᠷᠤᠢ ᠲᠦᠭᠦᠷᠢᠭ ᠨᠡᠮᠡᠭᠳᠡᠵᠠᠢ᠃ ᠲᠤᠰ ᠵᠢᠯ ᠠᠴᠠ ᠡᠬᠢᠯᠡᠵᠦ ᠬᠢᠩᠭᠠᠨ | ᠠᠶᠢᠮᠠᠭ ᠤᠨ ᠲᠤᠳᠤᠷᠭ᠎ᠠ ᠶᠢᠨ ᠪᠤᠷᠤᠯᠠᠭᠤᠯᠭ᠎ᠠ ᠶᠢᠨ ᠵᠠᠭᠪᠤᠷ ᠴᠤ ᠳᠡᠰ ᠳᠡᠪᠰᠢᠵᠦ᠂ ᠪᠤᠳᠠᠳᠤ ᠳᠡᠯᠭᠡᠭᠦᠷ ᠪᠠ | ᠡᠯᠧᠺᠲᠷᠤᠨ ᠬᠤᠳᠠᠯᠳᠤᠭ᠎ᠠ ᠶᠢ ᠵᠡᠷᠭᠡ ᠪᠠᠷ ᠠᠬᠢᠭᠤᠯᠤᠨ᠂ ᠠᠯᠢᠪᠠᠪᠠ ᠪᠤᠯᠤᠨ ᠵᠢᠩ ᠳ᠋ᠦᠩ ᠵᠡᠷᠭᠡ ᠠᠵᠤ | ᠠᠬᠤᠶᠢᠯᠠᠯ ᠲᠠᠢ ᠬᠠᠮᠳᠤᠷᠠᠨ ᠰᠦᠯᠵᠢᠶᠠᠨ ᠳᠡᠭᠡᠷ᠎ᠠ ᠲᠤᠰᠬᠠᠢ ᠬᠤᠳᠠᠯᠳᠤᠭ᠎ᠠ ᠡᠷᠬᠢᠯᠡᠬᠦ ᠶᠢᠨ ᠵᠡᠷᠭᠡ ᠪᠠᠷ ᠪᠡᠭᠡᠵᠢᠩ᠂ | ᠬᠦᠬᠡᠬᠤᠳᠠ᠂ ᠪᠤᠭᠤᠳᠤ ᠵᠡᠷᠭᠡ ᠭᠠᠵᠠᠷ ᠲᠤ 20 ᠭᠠᠷᠤᠢ ᠲᠤᠰᠬᠠᠢ ᠬᠤᠳᠠᠯᠳᠤᠭᠠᠨ ᠤ ᠳᠡᠯᠭᠡᠭᠦᠷ ᠨᠡᠭᠡᠭᠡᠭᠰᠡᠨ ᠠᠴᠠ | ᠭᠠᠳᠠᠨ᠎ᠠ᠂ ᠪᠦᠬᠦ ᠤᠯᠤᠰ ᠤᠨ 2000 ᠭᠠᠷᠤᠢ ᠳᠡᠯᠭᠡᠭᠦᠷ ᠲᠤ ᠪᠤᠷᠤᠯᠠᠭᠤᠯᠤᠨ᠂ ᠬᠢᠩᠭᠠᠨ ᠠᠶᠢᠮᠠᠭ ᠤᠨ | ᠲᠤᠳᠤᠷᠭ᠎ᠠ ᠪᠠᠨ ᠪᠡᠭᠡᠵᠢᠩ᠂ ᠲᠢᠶᠠᠨᠵᠢᠨ᠂ ᠭᠤᠸᠠᠩᠵᠧᠤ᠂ ᠦᠬᠠᠨ ᠵᠡᠷᠭᠡ 15 ᠶᠡᠭᠡ ᠬᠤᠳᠠ ᠳᠤ ᠪᠤᠷᠤᠯᠠᠭᠤᠯᠬᠤ | ᠪᠤᠯᠪᠠ᠃ ᠲᠤᠰ ᠵᠢᠯ ᠬᠢᠩᠭᠠᠨ ᠠᠶᠢᠮᠠᠭ ᠪᠠᠰᠠ ︽ᠬᠢᠩᠭᠠᠨ ᠠᠶᠢᠮᠠᠭ ᠤᠨ ᠲᠤᠳᠤᠷᠭ᠎ᠠ ᠶᠢᠨ ᠪᠠᠷᠢᠮᠵᠢᠶ᠎ᠠ ᠶᠢᠨ ᠳᠦᠷᠢᠮ | ︾ ᠪᠤᠯᠤᠨ ︽ᠬᠢᠩᠭᠠᠨ ᠠᠶᠢᠮᠠᠭ ᠤᠨ ᠴᠢᠨᠠᠷ ᠰᠠᠶᠢᠳᠠᠢ ᠤᠰᠤᠨ ᠲᠤᠳᠤᠷᠭ᠎ᠠ ᠶᠢᠨ ᠦᠢᠯᠡᠳᠪᠤᠷᠢᠯᠡᠯ ᠤᠨ ᠮᠡᠷᠭᠡᠵᠢᠯ ᠤᠨ | ᠳᠦᠷᠢᠮ︾ ᠵᠡᠷᠭᠡ ᠶᠢ ᠳᠤᠭᠳᠠᠭᠠᠨ ᠬᠡᠷᠡᠭᠵᠢᠭᠦᠯᠵᠦ᠂ ᠬᠢᠩᠭᠠᠨ ᠠᠶᠢᠮᠠᠭ ᠤᠨ ᠲᠤᠳᠤᠷᠭ᠎ᠠ ᠶᠢ ᠦᠨᠡᠯᠡᠨ ᠳᠤᠭᠳᠠᠭᠠᠬᠤ | ᠪᠠᠷᠢᠮᠵᠢᠶ᠎ᠠ ᠵᠢᠴᠢ ᠮᠡᠷᠭᠡᠵᠢᠯ ᠤᠨ ᠱᠠᠭᠠᠷᠳᠠᠯᠭ᠎ᠠ ᠶᠢ ᠳᠦᠷᠢᠮᠵᠢᠭᠦᠯᠬᠦ ᠶᠢᠨ ᠬᠠᠮᠳᠤ ᠦᠢᠯᠡᠳᠪᠤᠷᠢᠯᠡᠯ ᠢ ᠪᠦᠬᠦ | ᠶᠠᠪᠤᠴᠠ ᠪᠠᠷ ᠮᠦᠷᠳᠡᠬᠦ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠲᠤᠳᠤᠷᠭ᠎ᠠ ᠶᠢᠨ ᠶᠠᠰᠤ ᠴᠢᠨᠠᠷ ᠢ ᠡᠬᠢ | ᠦᠨᠳᠦᠰᠦ ᠠᠴᠠ ᠨᠢ ᠪᠠᠳᠤᠯᠠᠬᠤ ᠠᠵᠢᠯ ᠢ ᠠᠳᠬᠤᠪᠠ᠃ | 2019 ᠣᠨ ᠳᠤ ᠬᠢᠩᠭᠠᠨ ᠠᠶᠢᠮᠠᠭ ᠤᠨ ᠲᠤᠳᠤᠷᠭ᠎ᠠ ᠲᠦᠪ ᠲᠧᠯᠸᠢᠰ ᠤᠨ ᠤᠨᠢᠨ ᠳᠡᠭᠡᠷ᠎ᠠ ᠨᠢ ᠶᠠᠳᠠᠭᠤ | ᠶᠢ ᠳᠡᠳᠬᠦᠬᠦ ᠵᠡᠷ ᠲᠤ ᠢᠯᠡᠷᠡᠭᠰᠡᠨ ᠨᠢ ᠨᠡᠩ ᠴᠤ ᠬᠢᠩᠭᠠᠨ ᠠᠶᠢᠮᠠᠭ ᠤᠨ ᠳᠤᠳᠤᠷᠭ᠎ᠠ ᠶᠢ ᠤᠯᠤᠰ ᠲᠠᠶᠠᠭᠠᠷ ᠲᠤ | ᠠᠯᠳᠠᠷᠰᠢᠭᠤᠯᠵᠠᠢ᠃ ᠲᠡᠭᠦᠨ ᠠᠴᠠ 2021 ᠣᠨ ᠳᠤ ︽ᠬᠢᠩᠭᠠᠨ ᠠᠶᠢᠮᠠᠭ ᠤᠨ ᠲᠤᠲᠤᠷᠭ᠎ᠠ︾ ᠤᠯᠤᠰ ᠤᠨ | ᠮᠡᠳᠡᠯᠭᠡ ᠢ ᠦᠮᠴᠢᠯᠡᠯ ᠤᠨ ᠡᠷᠬᠡ ᠢ ᠲᠣᠪᠴᠢᠶ᠎ᠠ ᠢ ᠲᠦᠷᠦᠭᠦᠦ ᠪᠦᠯᠦᠭ ᠤᠨ ᠭᠤᠤᠯᠳᠠᠯᠭ᠎ᠠ ᠲᠠᠢ ᠬᠠᠷᠢᠯᠴᠠᠵᠤ | ᠵᠢᠯᠣᠭᠤᠳᠬᠤ ᠭᠠᠵᠠᠷ ᠵᠦᠶ ᠢ ᠢᠯᠡᠷᠬᠡᠶᠢᠯᠡᠯᠲᠦ ᠪᠦᠲᠦᠭᠡᠭᠳᠡᠭᠦᠨ ᠪᠤᠯᠵᠤ᠂ ︽ᠬᠢᠩᠭᠠᠨ ᠠᠶᠢᠮᠠᠭ ᠤᠨ ᠲᠤᠲᠤᠷᠭ᠎ᠠ︾ | ᠢ ᠭᠠᠵᠠᠷ ᠵᠦᠶ ᠢ ᠢᠯᠡᠷᠬᠡᠶᠢᠯᠡᠯ ᠢ ᠠᠰᠢᠬᠯᠠᠵᠤ ᠤᠷᠤᠨ ᠨᠤᠳᠤᠭ ᠤᠨ ᠴᠢᠨᠠᠷ ᠰᠠᠶᠢᠳᠠᠢ ᠬᠦᠭᠵᠢᠯᠳᠡ ᠲᠤ | ᠠᠬᠢᠭᠤᠯᠤᠭᠰᠠᠨ ᠲᠤᠷᠰᠢᠯᠭ᠎ᠠ ᠨᠢ ᠤᠯᠤᠰ ᠤᠨ ︽ᠭᠠᠵᠠᠷ ᠵᠦᠶ ᠢ ᠢᠯᠡᠷᠬᠡᠶᠢᠯᠡᠯᠳᠤ ᠪᠦᠲᠦᠭᠡᠭᠳᠡᠭᠦᠨ ᠢᠶᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠨᠡᠶᠢᠲᠡᠯᠢᠭ ᠵᠢᠱᠢᠶ᠎ᠡ ᠢ ᠡᠮᠬᠢᠳᠭᠡᠯ︾ ᠳᠤ | ᠰᠣᠩᠭᠤᠭᠳᠠᠨ᠂ 2022 ᠣᠨ ᠳᠤ ᠤᠯᠤᠰ ᠤᠨ ᠲᠦᠷᠦᠭᠦᠦ ᠪᠦᠯᠦᠭ ᠤᠨ ᠭᠠᠵᠠᠷ ᠵᠦᠶ ᠢ ᠢᠯᠡᠷᠬᠡᠶᠢᠯᠡᠯ ᠢ | ᠠᠰᠢᠬᠯᠠᠵᠤ ᠤᠷᠤᠨ ᠨᠤᠳᠤᠭ ᠤᠨ ᠴᠢᠨᠠᠷ ᠰᠠᠶᠢᠳᠠᠢ ᠬᠦᠭᠵᠢᠯᠳᠡ ᠲᠤ ᠠᠬᠢᠭᠤᠯᠤᠭᠰᠠᠨ ᠢᠨᠵᠧᠨᠧᠷᠢᠩ ᠤᠨ ᠬᠢᠨᠠᠨ | ᠰᠢᠯᠭᠠᠯᠲᠠ ᠶᠢ ᠰᠢᠯᠤᠭᠤᠬᠠᠨ ᠦᠩᠬᠡᠷᠡᠬᠦᠯᠵᠠᠢ᠃ 2023 ᠣᠨ ᠳᠤ ︽ᠬᠢᠨᠭ᠍ᠭᠠᠨ ᠠᠶᠢᠮᠠᠭ ᠤᠨ ᠳᠤᠲᠤᠷᠭ᠎ᠠ︾ ᠢ | ᠤᠷᠤᠨ ᠪᠦᠰᠡ ᠢ ᠨᠡᠶᠢᠲᠡ ᠢ ᠬᠡᠷᠡᠭᠯᠡᠭᠡᠨ ᠤ ᠲᠦᠷᠦᠯ ᠲᠡᠮᠲᠡᠭ ᠤᠨ ᠦᠷᠲᠡᠭ 262.87 ᠳ᠋ᠦᠡᠭᠰᠢᠭᠤᠷ | ᠲᠦᠭᠦᠷᠢᠭ ᠲᠤ ᠬᠦᠷᠴᠤ᠂ 2024 ᠣᠨ ᠳᠤ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠢ ᠲᠤᠪᠴᠢᠶ᠎ᠠ ᠠᠴᠠ ᠮᠠᠨ ᠤ ᠤᠷᠤᠨ ᠤ ︽ᠭᠠᠵᠠᠷ ᠵᠦᠢ ᠢ ᠢᠯᠡᠷᠬᠡᠶᠢᠯᠡᠯᠳᠤ ᠪᠦᠲᠦᠭᠡᠭᠳᠡᠭᠦᠨ ᠢᠶᠠᠷ | ᠤᠷᠤᠨ ᠪᠦᠰᠡ ᠢ ᠠᠵᠤ ᠠᠬᠤᠢ ᠢ ᠴᠢᠨᠠᠷ ᠰᠠᠶᠢᠲᠠᠢ ᠬᠦᠭᠵᠢᠯᠲᠡ ᠲᠤ ᠠᠬᠢᠭᠤᠯᠤᠭᠰᠠᠨ 10 ᠨᠡᠶᠢᠲᠡᠯᠢᠭ ᠵᠢᠱᠢᠶ᠎ᠡ︾ | ᠶᠢ ᠨᠡᠶᠢᠲᠡᠯᠡᠬᠦ ᠳᠤ ︽ᠬᠢᠨᠭ᠍ᠭᠠᠨ ᠠᠶᠢᠮᠠᠭ ᠤᠨ ᠳᠤᠲᠤᠷᠭ᠎ᠠ︾ ᠲᠡᠷᠢᠭᠦᠨ ᠳᠤ ᠵᠢᠬᠰᠠᠭᠠᠬᠳᠠᠪᠠ ᠁ ︽︿ᠬᠢᠩᠭᠠᠨ | ᠠᠶᠢᠮᠠᠭ ᠤᠨ ᠲᠤᠳᠤᠷᠭ᠎ᠠ﹀ ᠨᠡᠷ᠎ᠠ ᠮᠠᠨᠳᠤᠬᠤ ᠲᠤᠰᠤᠮ ᠪᠢᠳᠡᠨ ᠤ ᠲᠤᠳᠤᠷᠭ᠎ᠠ ᠦᠨ᠎ᠠ ᠳᠤ ᠬᠦᠷᠴᠤ ᠪᠤᠢ᠃ | ᠮᠠᠨ ᠤ ᠬᠢ ᠵᠠᠬᠢᠶᠠᠯᠠᠭ᠎ᠠ ᠪᠠᠷ 350 ᠮᠤ᠋ ᠤᠰᠤᠨ ᠲᠤᠳᠤᠷᠭ᠎ᠠ ᠲᠠᠷᠢᠵᠤ᠂ ᠮᠤ᠋ ᠨᠢᠭᠡᠴᠢ ᠶᠢᠨ ᠤᠨᠠᠯᠳᠠ 1100 | ᠵᠢᠩ ᠢ ᠲᠠᠪᠠᠨ᠂ ᠵᠠᠬᠢᠶᠠᠯᠠᠭ᠎ᠠ ᠶᠢᠨ ᠬᠤᠳᠠᠯᠳᠤᠨ ᠠᠪᠬᠤ ᠦᠨ᠎ᠠ ᠵᠢᠩ ᠪᠦᠷᠢ ᠳᠤ 0.6 ᠲᠦᠭᠦᠷᠢᠭ ᠦᠰᠴᠦ᠂ 60 | ᠲᠦᠮᠡ ᠭᠠᠷᠤᠢ ᠲᠦᠬᠦᠷᠢᠭ ᠤᠨ ᠴᠡᠪᠡᠷ ᠠᠰᠢᠭ ᠤᠯᠵᠠᠪᠤᠷᠢ ᠲᠠᠢ ᠪᠤᠯᠪᠠ︾ ᠭᠡᠵᠦ ᠬᠢᠩᠭᠠᠨ ᠠᠶᠢᠮᠠᠭ ᠤᠨ ᠵᠠᠯᠠᠶᠢᠳ | ᠬᠤᠰᠢᠭᠤᠨ ᠤ ᠬᠤᠯᠪᠤᠭ᠎ᠠ ᠪᠠᠯᠭᠠᠰᠤ ᠶᠢᠨ ᠱᠦᠢ ᠲᠢᠶᠠᠨ ᠲᠤᠰᠬᠤᠨ ᠤ ᠲᠠᠷᠢᠶᠠᠴᠢᠨ ᠵᠠᠩ ᠶᠦᠩ ᠯᠠᠢ ᠶᠡᠭᠡ | ᠪᠠᠶᠠᠷᠳᠠᠢ ᠶᠠᠷᠢᠨ᠎ᠠ᠃ | ᠬᠢᠩᠭᠠᠨ ᠠᠶᠢᠮᠠᠭ ᠪᠦᠬᠦ ᠤᠯᠤᠰ ᠤᠨ 1% ᠬᠦᠷᠬᠦ ᠦᠭᠡᠢ ᠭᠠᠵᠠᠷ ᠲᠠᠷᠢᠶ᠎ᠠ ᠪᠠᠷ ᠪᠦᠬᠦ ᠤᠯᠤᠰ ᠤᠨ 1% | ᠶᠢᠨ ᠠᠮᠤ ᠪᠤᠳᠠᠭ᠎ᠠ ᠶᠢ ᠦᠢᠯᠡᠳᠪᠤᠷᠢᠯᠡᠵᠦ ᠪᠤᠢ᠃ ᠶᠤᠸᠠᠨ ᠯᠦᠩ ᠫᠢᠩ ᠠᠺᠠᠳᠧᠮᠢᠴᠢ ᠠᠩᠬ᠎ᠠ ᠤᠳᠠᠭ᠎ᠠ ᠬᠢᠩᠭᠠᠨ | ᠠᠶᠢᠮᠠᠭ ᠤᠨ ᠲᠤᠳᠤᠷᠭ᠎ᠠ ᠪᠤᠳᠠᠭ᠎ᠠ ᠶᠢ ᠠᠮᠳᠠᠯᠠᠬᠤ ᠳᠠᠭᠠᠨ ︽ᠴᠡᠪᠡᠷ ᠰᠠᠶᠢᠬᠠᠨ ᠠᠮᠳᠠᠳᠤ ᠲᠤᠳᠤᠷᠭ᠎ᠠ ᠪᠠᠶᠢᠨ᠎ᠠ︾ | ᠭᠡᠰᠡᠨ ᠪᠦᠬᠡᠳ ᠪᠠᠰᠠ ᠪᠢᠴᠢᠭᠡᠰᠦ ᠪᠢᠴᠢᠵᠦ ᠦᠭᠴᠠᠢ᠃ 2024 ᠣᠨ ᠤ 12 ᠰᠠᠷ᠎ᠠ ᠳᠤ᠂ ᠶᠠᠫᠤᠨ ᠤ ᠪᠸᠶᠢᠳᠤ᠋ | ᠬᠤᠲᠠ ᠳᠤ ᠶᠠᠪᠤᠬᠳᠠᠬᠰᠠᠨ 26 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠳᠤᠳᠤᠷᠭ᠎ᠠ ᠶᠢᠨ ᠠᠮᠲᠠ ᠶᠢ | ᠰᠢᠯᠭᠠᠨ ᠦᠨᠡᠯᠡᠬᠦ ᠶᠡᠭᠡ ᠬᠤᠷᠠᠯ ᠳᠡᠭᠡᠷ᠎ᠡ ᠬᠢᠨᠭ᠍ᠭᠠᠨ ᠠᠶᠢᠮᠠᠭ ᠤᠨ ᠳᠤᠳᠤᠷᠭ᠎ᠠ 96 ᠬᠤᠪᠢ ᠶᠢᠨ ᠦᠨᠳᠤᠷ | ᠪᠦᠳᠦᠮᠵᠢ ᠪᠠᠷ ᠪᠦᠬᠦ ᠳᠡᠯᠡᠬᠡᠢ ᠶᠢᠨ 5000 ᠭᠠᠷᠤᠢ ᠴᠢᠨᠠᠷ ᠰᠠᠶᠢᠲᠠᠢ ᠳᠤᠳᠤᠷᠭ᠎ᠠ ᠶᠢᠨ ᠳᠤᠮᠳᠠ ᠠᠴᠠ ᠴᠤᠯᠭᠤᠷᠠᠨ | ᠭᠠᠷᠴᠦ ᠤᠨᠴᠠ ᠰᠢᠯᠢᠳᠡᠭ ᠱᠠᠩᠨᠠᠯ ᠢ ᠬᠦᠷᠲᠡᠭᠰᠡᠨ ᠪᠢᠯᠡ᠃ | ᠤᠳᠤ ᠬᠢᠩᠭᠠᠨ ᠠᠶᠢᠮᠠᠭ ᠲᠤ 36 ᠠᠵᠤ ᠠᠬᠤᠶᠢᠯᠠᠯ ︽ᠬᠢᠨᠭ᠍ᠭᠠᠨ ᠠᠶᠢᠮᠠᠭ ᠤᠨ ᠳᠤᠲᠤᠷᠭ᠎ᠠ︾ ᠶᠢᠨ | ᠭᠠᠵᠠᠷ ᠵᠦᠢ ᠶᠢᠨ ᠢᠯᠡᠷᠬᠡᠶᠢᠯᠡᠯᠲᠦ ᠲᠡᠮᠲᠡᠭ ᠢ ᠬᠡᠷᠡᠭᠯᠡᠬᠦ ᠡᠷᠬᠡ ᠶᠢ ᠤᠯᠵᠤ᠂ ᠬᠢᠩᠭᠠᠨ ᠠᠶᠢᠮᠠᠭ ᠤᠨ ᠲᠤᠳᠤᠷᠭ᠎ᠠ ᠪᠠᠨ | ᠪᠦᠬᠦ ᠤᠯᠤᠰ ᠤᠨ ᠡᠯ᠎ᠠ ᠭᠠᠵᠠᠷ ᠵᠢᠴᠢ ᠤᠷᠤᠰ᠂ ᠮᠤᠩᠭᠤᠯ ᠵᠡᠷᠭᠡ ᠤᠯᠤᠰ ᠲᠤ ᠪᠤᠷᠤᠯᠠᠭᠤᠯᠵᠤ᠂ ︽ᠬᠢᠨᠭ᠍ᠭᠠᠨ | ᠠᠶᠢᠮᠠᠭ ᠤᠨ ᠳᠤᠲᠤᠷᠭ᠎ᠠ︾ ᠶᠢᠨ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠲᠡᠭ ᠤᠨ ᠦᠷᠲᠡᠭ | 307.55 ᠳ᠋ᠦᠩᠰᠢᠭᠤᠷ ᠲᠦᠭᠦᠷᠢᠭ ᠲᠤ ᠬᠦᠷᠴᠤ ᠪᠤᠢ᠃ ᠶᠤᠸᠠᠨ ᠯᠦᠩ ᠫᠢᠩ ᠠᠺᠠᠳᠧᠮᠢᠴᠢ ᠶᠢᠨ ᠠᠵᠢᠯᠯᠠᠬᠤ | ᠦᠷᠳᠡᠭᠡ ᠶᠢᠨ ᠲᠤᠰᠠᠯᠠᠮᠵᠢ ᠪᠠᠷ ᠬᠢᠩᠭᠠᠨ ᠠᠶᠢᠮᠠᠭ ︽ᠮᠧᠩ ᠯᠦᠩ ᠬᠤᠶᠠᠳᠤᠭᠠᠷ︾᠂ ︽ᠬᠢᠩᠭᠠᠨ ᠨᠢᠭᠡᠳᠦᠭᠡᠷ︾ | ᠵᠡᠷᠭᠡ ᠦᠨᠳᠦᠷ ᠤᠨᠠᠯᠳᠠᠳᠤ ᠲᠤᠳᠤᠷᠭ᠎ᠠ ᠶᠢᠨ ᠰᠢᠯᠢᠳᠡᠭ ᠡᠭᠦᠯᠳᠡᠷ ᠢ ᠪᠤᠶᠢᠵᠢᠭᠤᠯᠤᠨ᠂ ᠮᠦ ᠨᠢᠬᠡᠴᠢ ᠶᠢᠨ | ᠤᠨᠠᠯᠳᠠ ᠨᠢ 761.5 ᠺᠢᠯᠦᠭᠷᠠᠮ ᠳᠤ ᠬᠦᠷᠦᠭᠰᠡᠨ ᠦᠨᠳᠦᠷ ᠤᠨᠠᠯᠳᠠ ᠶᠢᠨ ᠲᠡᠮᠳᠡᠭᠯᠡᠯ ᠢ ᠡᠭᠦᠳᠪᠡ᠃ ᠬᠢᠩᠭᠠᠨ | ᠠᠶᠢᠮᠠᠭ ᠤᠨ ᠨᠠᠮ ᠵᠠᠰᠠᠭ ᠠᠴᠠ ︽ᠭᠠᠵᠠᠷ ᠵᠦᠶ ᠶᠢᠨ ᠢᠯᠡᠷᠬᠡᠶᠢᠯᠡᠯ + ᠠᠵᠤ ᠠᠬᠤᠶᠢᠯᠠᠯ + ᠰᠠᠭᠤᠷᠢᠨ + | ᠮᠠᠯᠵᠢᠬᠤ ᠲᠠᠷᠢᠶᠠᠯᠠᠬᠤ ᠡᠷᠦᠬᠡ︾ ᠶᠢᠨ ᠵᠠᠭᠪᠤᠷ ᠢᠶᠠᠷ ᠳᠠᠭᠠᠭᠤᠯᠤᠬᠴᠢ ᠠᠵᠤ ᠠᠬᠤᠶᠢᠯᠠᠯ ᠠᠴᠠ ᠬᠦᠲᠦᠯᠦᠨ | ᠳᠠᠭᠠᠭᠤᠯᠤᠬᠰᠠᠨ ᠤᠯᠠᠨ ᠡᠰᠢᠵᠢᠳᠤ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ︽ᠬᠢᠨᠭ᠍ᠭᠠᠨ | ᠠᠶᠢᠮᠠᠭ ᠤᠨ ᠳᠤᠲᠤᠷᠭ᠎ᠠ︾ ᠶᠢᠨ ᠭᠠᠵᠠᠷ ᠵᠦᠢ ᠶᠢᠨ ᠢᠯᠡᠷᠬᠡᠶᠢᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠤᠨ | ᠤᠷᠤᠨ ᠨᠤᠳᠤᠭ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠠ ᠵᠢᠴᠢ ᠮᠠᠯᠴᠢᠨ ᠲᠠᠷᠢᠶᠠᠴᠢᠨ ᠤ ᠣᠷᠣᠯᠭ᠎ᠠ ᠶᠢ | ᠲᠠᠰᠤᠷᠠᠯᠳᠠ ᠦᠭᠡᠢ ᠨᠡᠮᠡᠭᠳᠡᠭᠦᠯᠵᠤ ᠪᠠᠶᠢᠨ᠎ᠠ᠃ ︵︽ᠦᠪᠦᠷ ᠮᠤᠩᠭᠤᠯ ᠤᠨ ᠡᠳᠦᠷ ᠤᠨ ᠰᠤᠨᠢᠨ︾ ᠠᠴᠠ | ᠰᠢᠯᠵᠢᠭᠦᠯᠪᠡ︶ | | | | |