ᠬᠢᠩᠭᠠᠨ ᠠᠶᠢᠮᠠᠭ ᠪᠦᠬᠦ ᠠᠶᠢᠮᠠᠭ ᠤᠨ ᠤᠳᠤᠷᠢᠳᠬᠤ ᠺᠠᠳ᠋ᠷ ᠤᠨ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2025/6/17
        6 ᠰᠠᠷ᠎ᠠ ᠶᠢᠨ 12 ᠤᠨ ᠡᠳᠦᠷ᠂ ᠬᠢᠩᠭᠠᠨ ᠠᠶᠢᠮᠠᠭ ᠪᠦᠬᠦ ᠠᠶᠢᠮᠠᠭ ᠤᠨ ᠤᠳᠤᠷᠢᠳᠬᠤ ᠺᠠᠳ᠋ᠷ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠠᠯ ᠢ ᠡᠷᠭᠢᠯᠡᠵᠦ᠂ ᠠᠶᠢᠮᠠᠭ ᠤᠨ ᠤᠳᠤᠷᠢᠳᠤᠯᠭ᠎ᠠ ᠰᠢᠦᠢ ᠵᠦᠸᠧ᠂ ᠶᠠᠩ ᠵᠢᠶ ᠫᠸᠡᠭ ᠨᠡᠷ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠡᠰᠡᠭ ᠭᠡᠰᠢᠭᠦᠳ ᠬᠤᠷᠠᠯ ᠳᠤ ᠰᠤᠯᠠ ᠣᠷᠣᠯᠴᠠᠪᠠ᠃        ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ ᠶᠢᠨ ︽ᠠᠵᠢᠯ ᠤᠨ ᠰᠠᠨᠠᠭᠤᠯᠤᠮᠵᠢ︾ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠠᠯ᠎ᠠ ᠪᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠶ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃        ᠰᠦᠬᠡ ᠬᠡᠯᠡᠭᠰᠡᠨ ᠨᠢ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠤᠪᠤᠶᠢᠮ᠎ᠠ ᠠᠰᠠᠭᠤᠳᠠᠯ ᠨᠢ ᠪᠠᠭ᠎ᠠ ᠶᠠᠪᠤᠳᠠᠯ ᠪᠢᠰᠢ᠂ ᠨᠠᠮ ᠤᠨ ᠠᠷᠠᠳ ᠤᠯᠠᠨ ᠤ ᠰᠡᠳᠭᠢᠯ ᠳᠠᠬᠢ ᠲᠦᠷᠢ ᠲᠥᠷᠬᠦ ᠶᠢ ᠨᠥᠯᠥᠭᠡᠯᠡᠭᠰᠡᠨ ᠶᠠᠪᠤᠳᠠᠯ ᠪᠤᠯᠬᠤ ᠶᠤᠮ᠃ ᠪᠥᠬᠦ ᠠᠶᠢᠮᠠᠭ ᠤᠨ ᠡᠯ᠎ᠡ ᠱᠠᠲᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠳᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ 7 ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠰᠬᠠᠶ ᠬᠢᠨᠠᠨ ᠪᠠᠶᠢᠴᠠᠭᠠᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠲᠥᠪᠯᠡᠷᠡᠭᠦᠯᠦᠨ ᠥᠷᠨᠢᠭᠦᠯᠵᠦ᠂ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ᠂ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠲᠦᠷᠭᠡᠨ ᠰᠶᠢᠳᠪᠤᠷᠢᠯᠡᠬᠦ ᠬᠡᠷᠡᠭᠲᠡᠶ ᠬᠡᠵᠡᠢ᠃        ᠰᠦᠬᠡ ᠬᠡᠯᠡᠭᠰᠡᠨ ᠨᠢ᠂ ᠤᠯᠠᠨ ᠲᠦᠮᠡᠨ ᠤ ᠠᠰᠢᠬ ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠲᠥᠪ ᠤᠨ ᠲᠣᠭᠤᠷᠢᠨ ᠪᠠᠶᠢᠴᠠᠭᠠᠯᠲᠠ ᠪᠣᠯᠤᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠵᠠᠬᠢᠳᠠᠯ ᠰᠤᠷᠪᠤᠯᠵᠢᠯᠠᠯ ᠤᠨ ᠬᠡᠷᠡᠭ ᠢ ᠳᠤᠰᠢᠶᠠᠨ ᠦᠭᠴᠦ ᠰᠶᠢᠳᠪᠤᠷᠢᠯᠡᠬᠦᠯᠬᠦ ᠶᠢ ᠬᠦᠴᠦᠯᠡᠨ ᠠᠬᠢᠭᠤᠯᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠶᠢᠳᠪᠤᠷᠢᠯᠡᠬᠦ ᠬᠡᠷᠡᠭᠲᠡᠢ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠢᠯᠵᠠᠷᠠᠯ ᠤᠨ ᠠᠰᠠᠭᠤᠳᠠᠯ ᠢ ᠬᠠᠮᠲᠤ ᠪᠠᠷ ᠪᠠᠶᠢᠴᠠᠭᠠᠵᠤ ᠵᠡᠷᠭᠡ ᠪᠠᠷ ᠵᠠᠰᠠᠬᠤ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠬᠡᠷᠡᠭ ᠢ ᠪᠠᠶᠢᠴᠠᠭᠠᠨ ᠰᠶᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠭᠡᠪᠡ᠃        ᠬᠤᠷᠠᠯ ᠢ ᠸᠢᠳᠢᠣ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠭᠤᠯᠵᠠᠢ᠃ ︵ᠬᠠᠨ ᠸᠧᠨ ᠪᠢᠨ ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号