ᠬᠢᠩᠭᠠᠨ ᠠᠶᠢᠮᠠᠭ ᠤᠨ ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠪᠠᠯᠠ ᠮᠥᠩᠭᠦ ᠶᠢᠨ ᠵᠠᠷᠤᠯᠭ᠎ᠠ ᠶᠢᠨ ᠨᠣᠷᠮ᠎ᠠ ᠪᠥᠬᠦ ᠣᠷᠣᠨ ᠳᠤ ᠳᠡᠷᠢᠭᠦᠯᠡᠪᠡ
ᠨᠡᠶᠢᠲᠡᠯᠡᠭᠰᠡᠨ ᠴᠠᠭ᠄
2025/6/17
        ᠣᠶᠢᠷ᠎ᠠ ᠳᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠠᠭᠤᠭᠠᠯᠢ ᠠᠷᠠᠳ ᠵᠠᠩ ᠬᠤᠩ ᠢᠦᠢ ᠮᠠᠰᠢᠨ ᠲᠡᠷᠭᠡᠨ ᠤ ᠳᠡᠯᠭᠡᠨ ᠪᠣᠷᠣᠯᠠᠭᠤᠯᠬᠤ ᠠᠵᠢᠯᠯᠠᠭ᠎ᠠ ᠳᠤᠮᠳᠠ 12.77 ᠲᠦᠮᠡᠨ ᠲᠥᠭᠦᠷᠢᠭ ᠤᠨ ᠦᠨ᠎ᠡ ᠪᠠᠷ ᠮᠠᠰᠢᠨ ᠳᠡᠷᠬᠡ ᠬᠤᠳᠠᠯᠳᠤᠨ ᠠᠪᠬᠤ ᠳᠠᠭᠠᠨ ︽ᠡᠨᠡ ᠮᠠᠰᠢᠨ ᠲᠡᠷᠬᠡᠨ ᠤ ᠤᠤᠯ ᠦᠨ᠎ᠡ ᠨᠢ 16.97 ᠲᠦᠮᠡᠨ ᠳᠦᠭᠦᠷᠢᠭ᠂ ᠪᠢ ᠬᠠᠭᠤᠴᠢᠨ ᠢᠶᠠᠷ ᠰᠢᠨ᠎ᠡ ᠶᠢ ᠰᠤᠯᠢᠬᠤ᠂ ᠮᠠᠰᠢᠨ ᠳᠡᠷᠬᠡᠨ ᠤ ᠦᠢᠯᠡᠳᠪᠦᠷᠢ ᠶᠢᠨ ᠨᠦᠭᠦᠪᠦᠷᠢ ᠤᠯᠭᠤᠬᠤ ᠵᠡᠷᠬᠡ ᠪᠠᠷ ᠲᠠᠮᠵᠢᠭᠤᠯᠤᠨ ᠨᠡᠶᠢᠲᠡ 4.2 ᠲᠦᠮᠡᠨ ᠳᠦᠭᠦᠷᠢᠭ ᠤᠨ ᠬᠠᠷᠠᠭᠠᠯᠵᠠᠯ ᠬᠦᠷᠳᠡᠵᠠᠢ︾ ᠬᠡᠵᠤ ᠪᠠᠶᠢᠪᠠ᠃        ᠬᠢᠩᠭᠠᠨ ᠠᠶᠢᠮᠠᠭ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠨᠥᠬᠦᠪᠥᠷᠢ ᠮᠦᠡᠭᠭᠦ ᠤᠯᠭᠤᠬᠤ ᠡᠷᠴᠢᠮ ᠢᠶᠠᠨ ᠴᠢᠩᠭᠠᠷᠠᠭᠤᠯᠬᠤ᠂ ᠨᠦᠬᠦᠪᠦᠷᠢ ᠮᠥᠩᠭᠦ ᠣᠯᠭᠤᠬᠤ ᠶᠢ ᠬᠢᠨᠠᠨ ᠵᠥᠪᠰᠢᠶᠡᠷᠡᠬᠦ ᠶᠠᠪᠤᠴᠠ ᠶᠢ ᠲᠦᠷᠭᠡᠳᠭᠡᠬᠦ ᠵᠡᠷᠭᠡ ᠪᠠᠷ ᠳᠠᠮᠵᠢᠭᠤᠯᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠦᠭᠵᠢᠭᠡᠵᠡᠢ᠃ 5 ᠰᠠᠷ᠎ᠠ ᠶᠢᠨ ᠰᠡᠭᠦᠯᠴᠢ ᠪᠣᠯᠲᠠᠯ᠎ᠠ᠂ ᠬᠢᠩᠭᠠᠨ ᠠᠶᠢᠮᠠᠭ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ ᠲᠣᠭᠠᠴᠢᠯᠠᠭᠰᠠᠨ ᠦᠢᠯᠡᠳᠬᠦᠨ ᠵᠡᠷᠭᠡ ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ ︾ ᠭᠤᠶᠤᠴᠢᠯᠠᠯ ᠢ ᠨᠡᠶᠢᠲᠡ 8.28 ᠲᠦᠮᠡᠨ ᠬᠠᠭᠤᠳᠠᠰᠤ ᠭᠥᠯᠢᠶᠡᠨ ᠠᠪᠴᠤ᠂ ᠨᠡᠶᠢᠲᠡ 1 ᠳ᠋ᠦᠩᠰᠢᠭᠤᠷ ᠲᠥᠭᠦᠷᠢᠭ ᠤᠨ ᠨᠥᠬᠦᠪᠥᠷᠢ ᠲᠠᠷᠬᠠᠭᠠᠵᠤ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠲᠠᠸᠠᠷ ᠤᠨ ᠬᠡᠷᠡᠭᠯᠡᠭᠡ ᠶᠢ 8.7 ᠳ᠋ᠦᠩᠰᠢᠭᠤᠷ ᠲᠥᠭᠦᠷᠢᠭ ᠣᠷᠴᠢᠮ ᠳᠠᠶᠢᠴᠢᠯᠠᠵᠤ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠪᠠᠯᠠ ᠮᠥᠩᠭᠦ ᠶᠢᠨ ᠲᠣᠭᠠᠴᠠᠭ᠎ᠠ ᠬᠢᠬᠦ ᠨᠣᠷᠮ᠎ᠠ ᠪᠥᠬᠦ ᠣᠷᠣᠨ ᠤ ᠨᠢᠭᠡᠳᠦᠭᠡᠷ ᠲᠤ ᠵᠢᠭᠰᠠᠭᠠᠭᠳᠠᠪᠠ᠃        ᠣᠯᠠᠨ ᠲᠥᠷᠥᠯ ᠵᠦᠢᠯ ᠤᠨ ᠬᠡᠷᠡᠭᠯᠡᠭᠡᠨ ᠤ ᠬᠡᠷᠡᠭᠰᠡᠯ ᠤᠨ ᠳᠣᠲᠣᠷ᠎ᠠ ᠮᠠᠰᠢᠨ ᠲᠡᠷᠭᠡᠨ ᠤ ᠢᠯᠡᠷᠡᠯ ᠨᠡᠩ ᠰᠠᠶᠢᠨ᠃ ᠣᠳᠣᠬᠠᠨ ᠳᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠭᠤᠶᠤᠴᠢᠯᠠᠯ ᠢ ᠨᠡᠶᠢᠳᠡ 4968 ᠬᠠᠭᠤᠳᠠᠰᠦ ᠬᠦᠯᠢᠶᠡᠨ ᠠᠪᠴᠦ᠂ 7136.9 ᠲᠦᠮᠡᠨ ᠲᠥᠭᠦᠷᠢᠭ ᠤᠨ ᠨᠥᠬᠦᠪᠥᠷᠢ ᠭᠤᠶᠤᠴᠢᠯᠠᠵᠤ᠂ ᠨᠢᠭᠡᠨᠲᠡ 6389.5 ᠲᠦᠮᠡᠨ ᠲᠥᠭᠦᠷᠢᠭ ᠲᠠᠷᠬᠠᠭᠠᠵᠤ᠂ 5.9 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ ᠨᠤᠷᠮ᠎ᠠ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠬᠡᠷ ᠤᠨ ᠡᠳ᠋ᠯᠡᠯ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠤᠯᠢᠬᠤ ᠠᠵᠢᠯᠯᠠᠭ᠎ᠠ ᠳᠤ ᠣᠷᠣᠯᠴᠠᠭᠰᠠᠨ ᠬᠤᠳᠠᠯᠳᠤᠭᠠᠴᠢᠨ ᠡᠷᠦᠬᠡ 171 ᠪᠠᠶᠢᠵᠤ᠂ ᠭᠤᠶᠤᠴᠢᠯᠠᠯ ᠢ 10562 ᠬᠠᠭᠤᠳᠠᠰᠦ ᠭᠥᠯᠢᠶᠡᠨ ᠠᠪᠴᠤ ᠰᠢᠢᠳᠪᠦᠷᠢᠯᠡᠨ᠂ 1100 ᠲᠦᠮᠡᠨ ᠲᠥᠭᠦᠷᠢᠭ ᠤᠨ ᠨᠥᠬᠦᠪᠥᠷᠢ ᠳᠠᠷᠬᠠᠭᠠᠵᠦ᠂ 6551 ᠳᠦᠮᠡᠨ ᠳᠦᠭᠦᠷᠢᠭ ᠤᠨ ᠪᠤᠷᠤᠯᠠᠭᠤᠯᠭ᠎ᠠ ᠶᠢᠨ ᠨᠤᠷᠮ᠎ᠠ ᠶᠢ ᠪᠡᠶᠡᠯᠡᠭᠦᠯᠪᠡ᠃ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠤᠯᠢᠬᠤ ᠠᠵᠢᠯᠯᠠᠭ᠎ᠠ ᠳᠤ 77 ᠬᠤᠳᠠᠯᠳᠤᠭᠠᠴᠢᠨ ᠡᠷᠦᠬᠡ ᠤᠷᠤᠯᠴᠠᠵᠦ᠂ 3.39 ᠲᠦᠮᠡᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠂ 2196.89 ᠲᠦᠮᠡᠨ ᠲᠥᠭᠦᠷᠢᠭ ᠤᠨ ᠨᠥᠬᠦᠪᠥᠷᠢ ᠳᠠᠷᠬᠠᠭᠠᠵᠦ᠂ 11541.56 ᠲᠦᠮᠡᠨ ᠲᠥᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠪᠡ᠃ ᠲᠣᠭᠠᠴᠢᠯᠠᠭᠰᠠᠨ ᠦᠢᠯᠡᠳᠬᠦᠨ ᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠴᠤ ᠢᠯᠡᠳᠲᠡ ᠠᠮᠵᠢᠯᠲᠠ ᠣᠯᠵᠤ᠂ 63 ᠬᠤᠳᠠᠯᠳᠤᠭᠠᠴᠢᠨ ᠡᠷᠦᠬᠡ 3.33 ᠲᠦᠮᠡᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠳᠤ ᠣᠷᠣᠯᠴᠠᠵᠤ᠂ 1204.44 ᠲᠦᠮᠡᠨ ᠲᠥᠭᠦᠷᠢᠭ ᠤᠨ ᠨᠥᠬᠦᠪᠥᠷᠢ ᠲᠠᠷᠬᠠᠭᠠᠵᠤ᠂ 9497.99 ᠲᠦᠮᠡᠨ ᠲᠥᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠪᠡ︔ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠳᠤ 12 ᠬᠤᠳᠠᠯᠳᠤᠭᠠᠴᠢᠨ ᠡᠷᠦᠬᠡ ᠣᠷᠣᠯᠴᠠᠵᠤ᠂ 90 ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠦ᠂ 4.56 ᠲᠦᠮᠡᠨ ᠲᠥᠭᠦᠷᠢᠭ ᠤᠨ ᠨᠥᠬᠦᠪᠥᠷᠢ ᠲᠠᠷᠬᠠᠭᠠᠵᠤ᠂ 15.32 ᠲᠦᠮᠡᠨ ᠲᠥᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠪᠡ᠃ ︵ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号