ᠤᠯᠠᠭᠠᠨᠬᠤᠳᠠ ᠪᠦᠳᠥᠮᠵᠢᠳᠡᠢ ᠠᠷᠭ᠎ᠠ ᠪᠠᠷ ᠠᠵᠢᠯ ᠤᠯᠭᠤᠯᠳᠠ ᠶᠢ ᠠᠬᠢᠭᠤᠯᠪᠠ
ᠨᠡᠶᠢᠲᠡᠯᠡᠭᠰᠡᠨ ᠴᠠᠭ᠄
2025/6/17
        ᠤᠶᠢᠷ᠎ᠠ ᠶᠢᠨ ᠡᠳᠥᠷ᠂ ᠬᠢᠨᠭ᠍ᠭᠠᠨ ᠠᠶᠢᠮᠠᠭ ᠤᠨ ᠤᠯᠠᠭᠠᠨᠬᠤᠳᠠ ᠶᠢᠨ ᠬᠦᠮᠥᠨ ᠤ ᠬᠦᠴᠥᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ ᠤᠨ ᠬᠢᠨ ᠰᠢᠭᠤᠳ ᠨᠡᠪᠳᠡᠷᠡᠬᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ᠂ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ᠂ ᠲᠦᠷᠥ ᠶᠢᠨ ᠪᠤᠳᠤᠯᠭ᠎ᠠ ᠶᠢ ᠤᠬᠠᠭᠤᠯᠬᠤ ᠵᠢᠴᠢ ᠠᠵᠢᠯᠳᠠᠨ ᠡᠯᠰᠡᠬᠦ ᠠᠵᠢᠯᠯᠠᠭ᠎ᠠ ᠡᠷᠬᠢᠯᠡᠬᠦ ᠵᠡᠷᠭᠡ ᠤᠯᠠᠨ ᠪᠦᠳᠥᠮᠵᠢᠳᠡᠢ ᠠᠷᠭ᠎ᠠ ᠪᠠᠷ ᠳᠠᠮᠵᠢᠨ ᠠᠵᠢᠯ ᠤᠯᠭᠤᠯᠳᠠ ᠶᠢ ᠠᠬᠢᠭᠤᠯᠥᠨ᠂ ᠤᠯᠠᠨ ᠨᠡᠶᠢᠳᠡ ᠶᠢᠨ ᠥᠢᠯᠡᠴᠢᠯᠡᠭᠡᠨ ᠤ ᠰᠢᠰᠲ᠋ᠧᠮ ᠢ ᠳᠡᠬᠦᠯᠳᠡᠷᠵᠢᠬᠦᠯᠵᠤ ᠪᠤᠢ᠃        ︽ᠮᠠᠷᠭᠠᠰᠢ ᠪᠠᠰᠠ ᠠᠵᠢᠯᠳᠠᠨ ᠡᠯᠰᠡᠬᠦ ᠬᠤᠷᠠᠯ ᠪᠠᠶᠢᠨ᠎ᠠ ᠤᠤ︖ ᠰᠢᠭᠤᠳ ᠨᠡᠪᠳᠡᠷᠡᠬᠦᠯᠭᠡ ᠪᠠᠷ ᠠᠵᠢᠯ ᠤᠨ ᠪᠠᠶᠢᠷᠢ ᠬᠦᠷᠭᠡᠬᠦ ᠠᠵᠢᠯᠯᠠᠭ᠎ᠠ ᠬᠡᠵᠢᠶ᠎ᠡ ᠡᠬᠢᠯᠡᠬᠦ ᠪᠤᠢ︖︾ ᠤᠯᠠᠭᠠᠨᠬᠤᠳᠠ ᠶᠢᠨ ᠬᠦᠮᠥᠨ ᠤ ᠬᠦᠴᠥᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ ᠶᠢᠨ ᠰᠢᠨ᠎ᠡ ᠵᠠᠭᠤᠴᠢᠯᠠᠭᠤᠷ ᠤᠨ ᠰᠦᠯᠵᠢᠶᠡᠨ ᠳᠡᠭᠡᠷ᠎ᠡ ᠠᠵᠢᠯ ᠡᠷᠢᠭᠰᠡᠳ ᠠᠰᠠᠭᠤᠯᠳᠠ ᠳᠤᠷᠠᠳᠥᠨ᠂ ᠤᠶᠢᠯᠠᠭᠠᠬᠤ ᠦᠬᠡᠢ ᠮᠡᠳᠡᠬᠦ ᠦᠬᠡᠢ ᠵᠥᠢᠯ ᠢᠶᠠᠨ ᠠᠰᠠᠭᠤᠬᠤ ᠳᠤ ᠬᠠᠮᠢᠶ᠎ᠠ ᠪᠦᠬᠦᠢ ᠠᠵᠢᠯᠳᠠᠨ ᠠᠰᠠᠭᠤᠯᠳᠠ ᠶᠢ ᠨᠢ ᠨᠠᠷᠢᠯᠢᠭ ᠬᠠᠷᠢᠭᠤᠯᠥᠨ ᠦᠭᠴᠤ ᠪᠠᠶᠢᠯ᠎ᠠ᠃        ᠦᠷᠭᠡᠨ ᠤᠯᠠᠨ ᠠᠵᠢᠯ ᠠᠯᠳᠠᠭᠰᠠᠳ ᠪᠠ ᠶᠡᠭᠡ ᠳᠡᠭᠡᠳᠥ ᠰᠤᠷᠭᠠᠭᠤᠯᠢ ᠠᠴᠠ ᠳᠡᠬᠦᠰᠥᠭᠰᠡᠨ ᠤᠶᠤᠳᠠᠳ ᠤᠨ ᠠᠵᠢᠯ ᠤᠯᠬᠤ ᠳᠤ ᠬᠦᠴᠢᠷ ᠠᠰᠠᠭᠤᠳᠠᠯ ᠢ ᠰᠠᠶᠢᠳᠥᠷ ᠰᠶᠢᠳᠪᠤᠷᠢᠯᠡᠬᠦ ᠪᠠᠷ᠂ ᠤᠯᠠᠭᠠᠨᠬᠤᠳᠠ ᠶᠢᠨ ᠬᠦᠮᠥᠨ ᠤ ᠬᠦᠴᠥᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ ᠤᠨ ᠬᠢᠨ ᠰᠦᠯᠵᠢᠶᠡᠨ ᠳᠡᠭᠡᠷ᠎ᠡ ᠠᠵᠢᠯ ᠤᠯᠬᠤ ᠳᠤᠬᠠᠢ ᠲᠦᠷᠥ ᠶᠢᠨ ᠪᠤᠳᠤᠯᠭ᠎ᠠ ᠶᠢ ᠳᠠᠶᠢᠯᠪᠤᠷᠢᠯᠠᠵᠤ ᠦᠭᠬᠦ ᠶᠢᠨ ᠬᠠᠮᠳᠥ᠂ ᠤᠶᠤᠨᠴᠢ ᠥᠢᠯᠡᠴᠢᠯᠡᠭᠡᠨ ᠤ ᠳᠠᠪᠴᠠᠩ ᠬᠠᠩᠭᠠᠵᠤ᠂ 24 ᠴᠠᠭ ᠠᠮᠠᠷᠠᠯᠳᠠ ᠦᠬᠡᠢ ᠪᠠᠷ ᠠᠵᠢᠯ ᠡᠷᠢᠭᠰᠡᠳ ᠲᠤ ᠠᠵᠢᠯ ᠡᠷᠢᠬᠦ ᠳᠤᠬᠠᠢ ᠰᠤᠷᠠᠭ ᠵᠠᠩᠬᠢ ᠨᠡᠶᠢᠳᠡᠯᠡᠨ᠂ ᠳᠤᠭᠳᠠᠭᠰᠠᠨ ᠬᠤᠭᠤᠴᠠᠭ᠎ᠠ ᠲᠠᠢ ᠪᠠᠷ ᠰᠢᠭᠤᠳ ᠨᠡᠪᠳᠡᠷᠡᠬᠦᠯᠭᠡ ᠬᠢᠵᠤ᠂ ᠤᠳᠤᠬᠢ ᠨᠡᠶᠢᠭᠡᠮ ᠤᠨ ᠠᠵᠢᠯ ᠤᠯᠭᠤᠯᠳᠠ ᠶᠢᠨ ᠬᠠᠨᠳᠥᠰᠢ ᠵᠢᠴᠢ ᠬᠢᠨᠭ᠍ᠭᠠᠨ ᠠᠶᠢᠮᠠᠭ ᠤᠨ ᠠᠵᠢᠯ ᠤᠯᠭᠤᠯᠳᠠ ᠶᠢᠨ ᠪᠠᠶᠢᠳᠠᠯ ᠲᠠᠢ ᠤᠶᠠᠯᠳᠤᠭᠤᠯᠥᠨ᠂ ᠠᠵᠢᠯ ᠡᠷᠢᠭᠰᠡᠳ ᠲᠤ ᠰᠤᠯᠠ ᠠᠵᠢᠯ ᠤᠨ ᠵᠠᠬ᠎ᠠ ᠳᠡᠯᠭᠡᠬᠦᠷ ᠵᠢᠴᠢ ᠠᠵᠢᠯᠳᠠᠨ ᠡᠯᠰᠡᠬᠦ ᠴᠤᠭᠴᠠᠯᠭ᠎ᠠ ᠮᠠᠶᠢᠮᠠᠢ ᠵᠡᠷᠭᠡ ᠰᠢᠨ᠎ᠡ ᠬᠡᠯᠪᠡᠷᠢ ᠶᠢᠨ ᠠᠵᠢᠯ ᠤᠯᠭᠤᠯᠳᠠ ᠶᠢᠨ ᠥᠢᠯᠡᠴᠢᠯᠡᠭᠡᠨ ᠤ ᠴᠤᠭᠴᠠ ᠶᠢ ᠲᠠᠨᠢᠯᠴᠠᠭᠤᠯᠵᠤ᠂ ᠦᠷᠭᠡᠨ ᠤᠯᠠᠨ ᠠᠵᠢᠯ ᠡᠷᠢᠭᠰᠡᠳ ᠤᠨ ᠠᠵᠢᠯ ᠤᠯᠬᠤ ᠠᠷᠭ᠎ᠠ ᠵᠠᠮ ᠢ ᠨᠢ ᠦᠷᠭᠡᠳᠭᠡᠵᠤ ᠪᠠᠶᠢᠨ᠎ᠠ         ᠡᠬᠦᠨ ᠤ ᠬᠠᠮᠳᠥ᠂ ᠤᠯᠠᠭᠠᠨᠬᠤᠳᠠ ᠶᠢᠨ ᠬᠦᠮᠥᠨ ᠤ ᠬᠦᠴᠥᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ ᠤᠨ ᠬᠢᠨ ᠪᠠᠰᠠ ᠠᠵᠤ ᠠᠬᠤᠶᠢᠯᠠᠯ ᠢᠶᠠᠷ ᠬᠦᠨᠵᠡᠬᠡᠶᠢᠷᠡᠨ᠂ ᠠᠵᠤ ᠠᠬᠤᠶᠢᠯᠠᠯ ᠤᠨ ᠠᠵᠢᠯᠳᠠᠨ ᠡᠯᠰᠡᠬᠦ ᠰᠤᠷᠠᠭ ᠵᠠᠩᠬᠢ ᠶᠢ ᠳᠡᠮᠳᠡᠭᠯᠡᠨ ᠠᠪᠴᠤ᠂ ᠰᠦᠯᠵᠢᠶ᠎ᠡ ᠵᠡᠷᠭᠡ ᠳᠠᠪᠴᠠᠩ ᠢᠶᠠᠷ ᠳᠠᠮᠵᠢᠨ ᠠᠵᠤ ᠠᠬᠤᠶᠢᠯᠠᠯ ᠤᠨ ᠬᠦᠭᠵᠢᠯᠳᠡ ᠶᠢᠨ ᠪᠠᠶᠢᠳᠠᠯ ᠵᠢᠴᠢ ᠠᠵᠢᠯᠳᠠᠨ ᠡᠯᠰᠡᠬᠦ ᠱᠠᠭᠠᠷᠳᠠᠯᠭ᠎ᠠ ᠵᠡᠷᠭᠡ ᠰᠤᠷᠠᠭ ᠵᠠᠩᠬᠢ ᠶᠢ ᠨᠡᠶᠢᠳᠡᠯᠡᠵᠤ᠂ ᠠᠵᠤ ᠠᠬᠤᠶᠢᠯᠠᠯ ᠤᠨ ᠠᠵᠢᠯᠳᠠᠨ ᠡᠯᠰᠡᠬᠦ ᠳᠤ ᠲᠦᠬᠦᠮ ᠦᠵᠡᠬᠦᠯᠬᠦ ᠶᠢᠨ ᠲᠠᠭᠠᠥ ᠠᠵᠢᠯ ᠡᠷᠢᠭᠰᠡᠳ ᠲᠤ ᠬᠠᠮᠤᠭ ᠤᠨ ᠲᠦᠷᠭᠡᠨ ᠢᠶᠠᠷ ᠴᠢᠮᠡᠭᠡ ᠳᠠᠮᠵᠢᠭᠤᠯᠵᠤ ᠪᠤᠢ᠃        ᠠᠵᠢᠯ ᠡᠷᠢᠭᠰᠡᠳ ᠲᠤ ᠤᠯᠠᠮ ᠰᠢᠯᠢᠳᠡᠭ ᠲᠦᠬᠦᠮ ᠥᠢᠯᠡᠴᠢᠯᠡᠭᠡ ᠬᠠᠨᠭ᠍ᠭᠠᠬᠤ ᠪᠠᠷ᠂ ᠤᠯᠠᠭᠠᠨᠬᠤᠳᠠ ᠶᠢᠨ ᠬᠦᠮᠥᠨ ᠤ ᠬᠦᠴᠥᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ ᠤᠨ ᠬᠢᠨ ᠵᠢᠯ ᠪᠦᠷᠢ ᠬᠡᠳᠥᠨ ᠬᠤᠭᠤᠴᠠᠭ᠎ᠠ ᠮᠡᠷᠭᠡᠵᠢᠯ ᠤᠨ ᠪᠤᠯᠪᠠᠰᠤᠷᠠᠯ ᠬᠦᠷᠳᠡᠭᠡᠵᠤ ᠪᠤᠢ᠃ ᠳᠤᠬᠠᠶᠢᠯᠠᠪᠠᠯ᠂ ᠭᠡᠷ ᠤᠨ ᠶᠠᠪᠤᠳᠠᠯ ᠤᠨ ᠥᠢᠯᠡᠴᠢᠯᠡᠭᠡᠨ᠂ ᠳᠤᠭᠤᠭᠠᠴᠢ ᠶᠢᠨ ᠮᠡᠷᠭᠡᠵᠢᠯ ᠤᠨ ᠪᠤᠯᠪᠠᠰᠤᠷᠠᠯ᠂ ᠡᠯᠧᠺᠲᠷᠥᠨ ᠬᠤᠳᠠᠯᠳᠤᠭᠠᠨ ᠤ ᠥᠢᠯᠡᠴᠢᠯᠡᠭᠡᠨ ᠵᠢᠴᠢ ᠡᠷᠡᠬᠦᠯᠵᠢᠯ ᠤᠨ ᠰᠤᠪᠢᠯᠠᠯᠳᠠ ᠵᠡᠷᠭᠡ ᠤᠯᠠᠨ ᠠᠭᠤᠯᠭ᠎ᠠ ᠶᠢ ᠪᠠᠭᠳᠠᠭᠠᠭᠰᠠᠨ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠭᠡᠵᠤ᠂ ᠠᠵᠢᠯ ᠡᠷᠢᠬᠦ ᠵᠤᠷᠢᠯᠳᠠ ᠲᠠᠢ ᠬᠦᠮᠥᠰ ᠲᠤ ᠨᠠᠷᠢᠯᠢᠭ ᠰᠢᠰᠲᠤᠮ ᠲᠠᠢ ᠪᠤᠯᠪᠠᠰᠤᠷᠠᠯ ᠬᠦᠷᠳᠡᠭᠡᠵᠤ ᠪᠤᠢ᠃        ᠡ᠊ᠨᠡ ᠵᠢᠯ ᠠᠴᠠ ᠨᠠᠭᠠᠰᠢ᠂ ᠦᠨᠳᠥᠰᠥᠳᠡᠨ ᠤ ᠭᠠᠷ ᠤᠷᠠᠯᠠᠯ ᠤᠨ ᠮᠡᠷᠭᠡᠵᠢᠯ᠂ ᠡᠯᠧᠺᠲᠷᠥᠨ ᠬᠤᠳᠠᠯᠳᠤᠭᠠᠨ ᠤ ᠮᠡᠷᠭᠡᠵᠢᠯ ᠤᠨ ᠪᠤᠯᠪᠠᠰᠤᠷᠠᠯ ᠵᠡᠷᠭᠡ ᠶᠢ ᠨᠡᠶᠢᠳᠡ 19 ᠬᠤᠭᠤᠴᠠᠭ᠎ᠠ ᠡᠷᠬᠢᠯᠡᠨ᠂ 300 ᠰᠢᠬᠠᠮ ᠬᠦᠮᠥᠨ ᠳᠤ ᠮᠡᠷᠭᠡᠵᠢᠯ ᠤᠨ ᠪᠤᠯᠪᠠᠰᠤᠷᠠᠯ ᠬᠦᠷᠳᠡᠭᠡᠵᠤ᠂ ᠠᠷᠠᠳ ᠤᠯᠠᠨ ᠤ ᠠᠵᠢᠯ ᠤᠯᠬᠤ ᠳᠤ ᠬᠦᠴᠢᠷ ᠠᠰᠠᠭᠤᠳᠠᠯ ᠢ ᠴᠢᠷᠮᠠᠶᠢᠨ ᠰᠶᠢᠳᠪᠤᠷᠢᠯᠡᠵᠤ᠂ ᠤᠯᠠᠨ ᠲᠦᠮᠡᠨ ᠤ ᠵᠤᠯ ᠵᠢᠷᠭᠠᠯᠳᠥ ᠲᠦᠷᠥᠭᠳᠡᠯ ᠢ ᠨᠡᠮᠡᠭᠳᠡᠬᠦᠯᠵᠤ ᠪᠠᠶᠢᠨ᠎ᠠ᠃   ︵ᠰᠤᠷᠪᠤᠯᠵᠢᠯᠠᠭᠴᠢ ᠤᠷᠠᠨᠳᠤᠳᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号