ᠬᠢᠩᠭᠠᠨ ᠠᠶᠢᠮᠠᠭ ᠤᠨ ᠠᠩᠬᠠᠳᠠᠭᠴᠢ ︽ᠴᠠᠭᠳᠠᠭ᠎ᠠ ᠡᠮᠴᠢ ᠬᠤᠯᠪᠣᠭᠠᠯᠠᠨ ᠬᠥᠳᠡᠯᠦᠯᠴᠡᠬᠦ︾ ᠠᠷᠢᠬᠢ ᠰᠡᠷᠭᠦᠭᠡᠬᠦ ᠲᠠᠰᠤᠭ ᠠᠰᠢᠭᠯᠠᠯᠲᠠ ᠳᠤ ᠣᠷᠣᠬᠰᠠᠨ ᠪᠠᠶᠢᠨ᠎ᠠ
ᠨᠡᠶᠢᠲᠡᠯᠡᠭᠰᠡᠨ ᠴᠠᠭ᠄
2025/6/17
        ᠣᠶᠢᠷ᠎ᠠ ᠳᠤ᠂ ᠬᠢᠨᠭ᠍ᠭᠠᠨ ᠠᠶᠢᠮᠠᠭ ᠤᠨ ᠠᠩᠬᠠᠳᠠᠭᠴᠢ ︽ᠴᠠᠭᠳᠠᠭ᠎ᠠ ᠡᠮᠴᠢ ᠬᠤᠯᠪᠣᠭᠠᠯᠠᠨ ᠬᠥᠳᠡᠯᠦᠯᠴᠡᠬᠦ︾ ᠠᠷᠢᠬᠢ ᠰᠡᠷᠭᠦᠭᠡᠬᠦ ᠲᠠᠰᠤᠭ ᠨᠢ ᠲᠦᠴᠢᠦᠸᠠᠨ ᠰᠢᠶᠠᠨ ᠳᠤ ᠵᠢᠩᠬᠢᠨᠢ ᠪᠠᠷ ᠠᠰᠢᠭᠯᠠᠯᠲᠠ ᠳᠤ ᠣᠷᠣᠬᠰᠠᠨ ᠪᠠᠶᠢᠨ᠎ᠠ᠃ ᠳᠡᠷᠡ ᠨᠢ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠤᠯᠤᠨ ᠲᠦᠴᠢᠦᠸᠠᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠬᠤᠯᠪᠣᠭᠠᠯᠠᠨ ᠪᠠᠶᠢᠭᠤᠯᠤᠭᠰᠠᠨ ᠲᠤᠰᠬᠠᠶᠢᠵᠢᠭᠰᠠᠨ ᠳᠠᠰᠤᠬ ᠪᠠᠶᠢᠵᠦ᠂ ᠲᠤᠬᠠᠶ ᠶᠢᠨ ᠭᠠᠵᠠᠷ ᠤᠷᠤᠨ ᠤ ᠠᠷᠢᠬᠢᠨ ᠠᠴᠠ ᠡᠬᠦᠰᠦᠭᠰᠡᠨ ᠴᠠᠭᠳᠠᠭᠠᠨ ᠤ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠲᠦᠷᠢᠮᠵᠢᠬᠦᠯᠤᠨ ᠰᠶᠢᠳᠪᠦᠷᠢᠯᠡᠬᠦ ᠠᠵᠢᠯ ᠰᠢᠨ᠎ᠠ ᠱᠠᠳᠤᠨ ᠳᠤ ᠤᠷᠤᠬᠰᠠᠨ ᠢ ᠬᠠᠷᠠᠭᠤᠯᠵᠦ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃        ᠣᠷᠳᠣ ᠬᠤᠭᠤᠴᠠᠭᠠᠨ ᠤ ᠲᠤᠷᠰᠢ᠂ ᠠᠷᠢᠬᠢᠨ ᠠᠴᠠ ᠡᠬᠦᠰᠦᠭᠰᠡᠨ ᠴᠠᠭᠳᠠᠭᠠᠨ ᠤ ᠪᠠᠶᠢᠳᠠᠯ ᠢ ᠰᠢᠢᠳᠪᠦᠷᠢᠯᠡᠬᠦ ᠨᠢ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠶᠢᠨ ᠬᠦᠴᠢᠷᠳᠡᠯ ᠪᠤᠯᠤᠬᠰᠠᠭᠠᠷ ᠢᠷᠡᠵᠠᠢ᠃ ᠲᠤᠰᠬᠠᠶ ᠮᠡᠷᠭᠡᠵᠢᠯ ᠤᠨ ᠡᠮᠴᠢᠯᠡᠭᠡᠨ ᠤ ᠪᠠᠲᠤᠯᠠᠭ᠎ᠠ ᠪᠠ ᠪᠠᠷᠢᠮᠵᠢᠶᠠᠵᠢᠭᠤᠯᠤᠭᠰᠠᠨ ᠠᠷᠢᠬᠢ ᠰᠡᠷᠭᠦᠭᠡᠬᠦ ᠲᠠᠯᠠᠪᠤᠷ ᠲᠤᠲᠠᠮᠠᠭ ᠠᠴᠠ ᠪᠤᠯᠵᠦ᠂ ᠠᠷᠢᠬᠢ ᠤᠤᠭᠤᠬᠰᠠᠨ ᠰᠤᠬᠳᠤᠭᠤ ᠬᠦᠮᠦᠰ ᠨᠢ ᠤᠶᠢᠴᠢᠵᠦ ᠰᠢᠷᠬᠠᠳᠤᠬᠤ᠂ ᠡᠰᠡᠬᠦᠯ᠎ᠠ ᠴᠠᠬᠳᠠᠭ᠎ᠠ ᠶᠢᠨ ᠬᠠᠤᠯᠢ ᠭᠡᠷᠡᠭᠵᠢᠬᠦᠯᠤᠯᠳᠠ ᠶᠢ ᠬᠠᠷᠰᠢᠯᠠᠬᠤ ᠵᠡᠷᠭᠡ ᠪᠠᠶᠢᠳᠡᠯ ᠤᠷᠤᠰᠢᠵᠦ ᠪᠠᠶᠢᠨ᠎ᠠ᠃ ᠡᠨᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠤᠯᠤᠨ ᠲᠦᠴᠢᠦᠸᠠᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠬᠠᠮᠳᠤᠷᠠᠨ ᠤᠯᠠᠨ ᠤᠳᠠᠭᠠᠨ ᠤ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠲᠡᠬᠡᠷ᠎ᠡ ᠪᠠᠨ ᠵᠥᠪᠳᠡᠯᠴᠡᠵᠦ᠂ ᠡᠴᠦᠰ ᠲᠡᠭᠡᠨ ︽ᠴᠠᠭᠳᠠᠭ᠎ᠠ ᠡᠮᠴᠢ ᠬᠤᠯᠪᠣᠭᠠᠯᠠᠨ ᠬᠥᠳᠡᠯᠦᠯᠴᠡᠬᠦ︾ ᠵᠠᠭᠪᠤᠷ ᠢᠶᠠᠷ ᠠᠷᠢᠬᠢᠨ ᠠᠴᠠ ᠡᠬᠦᠰᠦᠭᠰᠡᠨ ᠴᠠᠭᠳᠠᠭᠠᠨ ᠤ ᠪᠠᠶᠢᠳᠠᠯ ᠢ ᠰᠢᠢᠳᠪᠦᠷᠢᠯᠡᠬᠦ ᠰᠢᠨ᠎ᠡ ᠰᠢᠰᠲ᠋ᠧᠮ ᠢ ᠡᠬᠦᠳᠪᠡ᠃        ᠠᠷᠢᠬᠢ ᠰᠡᠷᠭᠦᠭᠡᠬᠦ ᠲᠠᠰᠤᠭ ᠤᠨ ᠲᠤᠰᠬᠠᠶᠢᠵᠢᠭᠰᠠᠨ ᠲᠣᠬᠢᠷᠠᠭᠤᠯᠤᠯᠲᠠ ᠶᠢᠨ ᠲᠤᠰᠬᠠᠢ ᠬᠡᠷᠡᠭᠯᠡᠭᠡᠨ ᠤ ᠠᠷᠢᠬᠢ ᠰᠡᠷᠭᠦᠭᠡᠬᠦ ᠤᠷᠤ ᠪᠠ ᠠᠷᠢᠬᠢ ᠰᠡᠷᠭᠦᠭᠡᠬᠦ ᠰᠠᠨᠳᠠᠯᠢ ᠨᠢ ᠬᠠᠯᠲᠤᠷᠢᠵᠦ ᠮᠦᠷᠬᠦᠯᠳᠤᠬᠦ ᠠᠴᠠ ᠰᠡᠷᠭᠡᠶᠢᠯᠡᠬᠦ ᠳᠤᠰᠬᠠᠢ ᠮᠠᠲ᠋ᠧᠷᠢᠶᠠᠯ ᠢ ᠬᠡᠷᠡᠭᠯᠡᠵᠦ᠂ ᠰᠣᠭᠲᠣᠭᠤ ᠬᠥᠮᠦᠰ ᠤᠨ ᠮᠡᠳᠡᠭᠡ ᠰᠡᠭᠡᠭᠡ ᠪᠠᠨ ᠠᠯᠳᠠᠬᠰᠠᠨ ᠪᠠᠶᠢᠳᠡᠯ ᠳᠤᠤᠷᠠᠬᠢ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠪᠠ︔ ᠵᠢᠷᠦᠬᠡᠨ ᠤ ᠯᠤᠭᠰᠢᠯᠲᠠ ᠶᠢ ᠬᠢᠨᠠᠨ ᠬᠠᠮᠠᠭᠠᠯᠠᠬᠤ ᠮᠠᠰᠢᠨ᠂ ᠴᠢᠰᠤᠨ ᠳᠠᠷᠤᠯᠲᠠ ᠶᠢᠨ ᠬᠡᠮᠵᠢᠭᠦᠷ ᠵᠡᠷᠭᠡ ᠲᠦᠷᠭᠡᠨ ᠠᠪᠤᠷᠠᠯᠲᠠ ᠶᠢᠨ ᠲᠥᠬᠦᠭᠡᠷᠦᠮᠵᠢ ᠨᠢ ᠡᠮᠴᠢ ᠰᠤᠪᠢᠯᠠᠭᠴᠢ ᠶᠢᠨ ᠪᠠᠴᠢᠮ ᠪᠠᠶᠢᠳᠡᠯ ᠢ ᠠᠷᠭᠠᠴᠠᠭᠠᠵᠦ ᠨᠠᠷᠢᠯᠢᠭ ᠣᠨᠣᠴᠠᠲᠠᠶ ᠪᠠᠷ ᠣᠨᠣᠰᠢᠯᠠᠨ ᠡᠮᠴᠢᠯᠡᠬᠦ ᠶᠢ ᠦᠨᠡᠨ ᠬᠦ ᠪᠠᠲᠤᠯᠠᠪᠠ︔ ᠠᠷᠢᠬᠢ ᠰᠡᠷᠭᠦᠭᠡᠬᠦ ᠲᠠᠰᠤᠭ ᠤᠨ ᠭᠡᠷᠡᠮ ᠨᠢ ᠰᠢᠷᠬᠠᠳᠤᠬᠤ ᠠᠴᠠ ᠰᠡᠷᠭᠡᠶᠢᠯᠡᠬᠦ ᠵᠦᠭᠡᠯᠡᠨ ᠮᠠᠶ᠋ᠢᠬ ᠤᠨ ᠮᠠᠲ᠋ᠧᠷᠢᠶᠠᠯ ᠢ ᠭᠡᠷᠡᠭᠯᠡᠭᠰᠡᠨ ᠮᠦᠷᠳᠡᠭᠡᠨ ᠳᠠᠭᠤ ᠬᠤᠷᠢᠬᠯᠠᠵᠦ ᠪᠠᠭᠠᠰᠬᠠᠬᠤ ᠴᠢᠳᠠᠮᠵᠢ ᠶᠢ ᠬᠠᠪᠰᠤᠷᠭᠠᠪᠠ︔ ᠥᠨᠳᠥᠷ ᠳᠠᠪᠳᠡᠮᠵᠢᠳᠦ ᠬᠢᠨᠠᠨ ᠡᠵᠡᠮᠳᠡᠬᠦ ᠮᠠᠰᠢᠨ ᠢ ᠥᠨᠴᠥᠭ ᠪᠤᠯᠤᠩ ᠦᠭᠡᠢ ᠪᠦᠷᠬᠦᠭᠦᠯᠬᠦ ᠶᠢ ᠪᠡᠶᠡᠯᠡᠭᠦᠯᠵᠦ᠂ ᠠᠷᠢᠬᠢ ᠰᠡᠷᠭᠦᠭᠡᠬᠦ ᠪᠦᠬᠦ ᠶᠠᠪᠤᠴᠠ ᠶᠢ ᠲᠡᠮᠳᠡᠭᠯᠡᠨ᠂ ᠬᠠᠤᠯᠢ ᠬᠡᠷᠡᠭᠵᠢᠭᠦᠯᠬᠦ ᠪᠠ ᠠᠪᠤᠷᠠᠨ ᠵᠠᠰᠠᠬᠤ ᠪᠥᠬᠦ ᠶᠠᠪᠤᠴᠠ ᠶᠢ ᠰᠢᠩᠭᠡᠭᠡᠵᠦ᠂ ᠢᠯᠡ ᠲᠣᠳᠣ ᠮᠥᠷᠳᠡᠵᠦ ᠪᠣᠯᠬᠤ ᠶᠢ ᠦᠨᠡᠨ ᠬᠦ ᠪᠠᠲᠤᠯᠠᠪᠠ᠃        ᠠᠷᠠᠳ ᠤᠨ ᠴᠠᠭᠳᠠᠭ᠎ᠠ ᠠᠷᠢᠬᠢᠨ ᠠᠴᠠ ᠡᠬᠦᠰᠦᠭᠰᠡᠨ ᠴᠠᠬᠳᠠᠭᠠᠨ ᠤ ᠪᠠᠶᠢᠳᠡᠯ ᠪᠠ ᠰᠤᠬᠳᠤᠭᠤ ᠪᠠᠷ ᠳᠡᠷᠭᠡ ᠵᠢᠯᠤᠭᠤᠳᠤᠬᠰᠠᠳ ᠢ ᠰᠤᠭᠤᠴᠢᠨ ᠪᠠᠶᠢᠴᠠᠭᠠᠨ ᠢᠯᠡᠷᠡᠬᠦᠯᠵᠦ᠂ ᠭᠡᠷᠡᠭ ᠲᠤ ᠬᠤᠯᠪᠤᠬᠳᠠᠬᠰᠠᠳ ᠤᠨ ᠠᠷᠢᠬᠢ ᠶᠢ ᠰᠡᠷᠭᠦᠭᠡᠬᠦ ᠴᠢᠬᠤᠯᠠᠲᠠᠶ ᠪᠠᠶᠢᠪᠠᠯ᠂ ᠲᠡᠷᠡ ᠳᠠᠷᠤᠶ ᠳᠤᠨᠢ ᠠᠷᠢᠬᠢ ᠰᠡᠷᠭᠦᠭᠡᠬᠦ ᠲᠠᠰᠤᠭ ᠲᠤ ᠬᠦᠷᠭᠡᠵᠦ ᠥᠭᠭᠦᠨ᠎ᠡ᠃ ᠡᠬᠦᠨ ᠤ ᠵᠡᠷᠭᠡᠪᠡᠷ ᠡᠮᠨᠡᠯᠭᠡ ᠶᠢᠨ ᠬᠤᠷᠢᠶ᠎ᠠ ᠶᠢᠨ ᠬᠢᠨ ᠬᠠᠮᠵᠢᠯᠴᠠᠨ ᠬᠦᠳᠡᠯᠤᠯᠴᠡᠵᠦ ᠲᠡᠷᠡ ᠳᠠᠷᠤᠶ ᠳᠤᠨᠢ ᠲᠤᠷᠰᠢᠯᠭ᠎ᠠ ᠪᠠᠷ ᠪᠠᠶᠠᠯᠢᠭ ᠡᠮᠴᠢ ᠰᠤᠪᠢᠯᠠᠭᠴᠢ ᠶᠢᠨ ᠪᠦᠯᠬᠦᠮ ᠢ ᠲᠣᠬᠢᠷᠠᠭᠤᠯᠵᠤ᠂ ᠰᠣᠭᠲᠣᠭᠤ ᠬᠥᠮᠦᠰ ᠲᠤ ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠬᠦ ᠶᠢᠨ ᠬᠠᠮᠲᠤ ᠪᠡᠶ᠎ᠠ ᠶᠢᠨ ᠪᠠᠶᠢᠳᠠᠯ ᠢ ᠨᠢ ᠦᠨᠳᠦᠰᠦᠯᠡᠨ ᠥᠪᠡᠷᠮᠢᠴᠡ ᠠᠷᠢᠬᠢ ᠲᠠᠶᠢᠯᠬᠤ ᠪᠠ ᠡᠮᠴᠢᠯᠡᠨ ᠵᠠᠰᠠᠬᠤ ᠲᠥᠰᠦᠯ ᠢ ᠲᠣᠭᠲᠠᠭᠠᠬᠤ ᠪᠤᠯᠤᠨ᠎ᠠ᠃ ᠰᠢᠢᠳᠪᠦᠷᠢᠯᠡᠬᠦ ᠶᠠᠪᠤᠴᠠ ᠳᠤ᠂ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠷᠢᠭᠤᠴᠠᠨ ᠬᠠᠮᠠᠭᠠᠯᠠᠵᠤ᠂ ᠰᠣᠭᠲᠣᠭᠤ ᠬᠥᠮᠦᠰ ᠤᠨ ᠬᠡᠲᠦᠷᠡᠮᠡᠳᠡᠬᠡᠢ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠵᠦ᠂ ᠡᠮᠴᠢ ᠰᠤᠪᠢᠯᠠᠭᠴᠢᠳ ᠡᠮᠴᠢᠯᠡᠭᠡᠨ ᠤ ᠠᠪᠤᠷᠠᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠭᠲᠣᠭᠤ ᠬᠥᠮᠦᠰ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠪᠤᠯᠤᠨ᠎ᠠ᠃        ︽ᠠᠷᠢᠬᠢᠨ ᠠᠴᠠ ᠡᠬᠦᠰᠦᠭᠰᠡᠨ ᠴᠠᠬᠳᠠᠭᠠᠨ ᠤ ᠪᠠᠶᠢᠳᠡᠯ ᠢ ᠰᠢᠢᠳᠪᠦᠷᠢᠯᠡᠬᠦ ᠨᠢ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠢᠷᠳᠡᠯ ᠮᠥᠨ᠂ ᠳᠡᠷᠡ ᠨᠢ ᠬᠤᠪᠢ ᠬᠦᠮᠦᠨ ᠤ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠬᠤ ᠮᠥᠷᠲᠡᠭᠡᠨ ᠨᠡᠶᠢᠭᠡᠮ ᠤᠨ ᠡᠮᠬᠢ ᠳᠢᠭᠯᠢᠮ᠂ ᠠᠮᠤᠷ ᠳᠤᠬᠳᠠᠭᠤᠨ ᠢ ᠨᠦᠯᠦᠭᠡᠯᠡᠵᠦ ᠪᠤᠢ᠃ ᠡᠨᠡᠬᠦ ᠵᠠᠭᠪᠤᠷ ᠨᠢ ︿ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠭᠴᠠᠭᠠᠷ ᠠᠵᠢᠯᠯᠠᠬᠤ﹀ ᠪᠠᠶᠢᠷᠢᠰᠢᠯ ᠢ ᠡᠪᠳᠡᠵᠦ᠂ ᠡᠮᠴᠢᠯᠡᠭᠡᠨ ᠤ ᠲᠤᠰᠬᠠᠶ ᠮᠡᠷᠭᠡᠵᠢᠯ ᠤᠨ ᠬᠦᠴᠦᠨ ᠢᠶᠠᠷ ᠰᠤᠬᠳᠤᠭᠤ ᠬᠦᠮᠦᠰ ᠤᠨ ᠪᠡᠶ᠎ᠡ ᠮᠠᠬᠠᠪᠣᠳ ᠢ ᠬᠠᠷᠠᠭᠠᠯᠵᠠᠨ ᠬᠠᠮᠠᠭᠠᠯᠠᠵᠤ ᠴᠢᠳᠠᠬᠤ ᠮᠥᠷᠲᠡᠭᠡᠨ ᠭᠡᠷᠡᠭ ᠶᠠᠪᠤᠳᠠᠯ ᠰᠶᠢᠳᠪᠦᠷᠢᠯᠡᠬᠦ ᠬᠤᠷᠳᠤᠴᠠ ᠶᠢ ᠲᠦᠷᠭᠡᠳᠭᠡᠬᠦ ᠪᠤᠯᠤᠨ᠎ᠠ︾ ᠭᠡᠵᠦ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠯᠢᠨ ᠶᠦᠩ ᠫᠢᠩ ᠲᠠᠨᠢᠯᠴᠠᠭᠤᠯᠤᠨ᠎ᠠ᠃        ᠬᠢᠩᠭᠠᠨ ᠠᠶᠢᠮᠠᠭ ︽ᠴᠠᠭᠳᠠᠭ᠎ᠠ ᠡᠮᠴᠢ ᠬᠤᠯᠪᠣᠭᠠᠯᠠᠨ ᠬᠥᠳᠡᠯᠦᠯᠴᠡᠬᠦ︾ ᠠᠷᠢᠬᠢ ᠰᠡᠷᠭᠦᠭᠡᠬᠦ ᠲᠠᠰᠤᠭ ᠢ ᠡᠬᠢᠯᠡᠨ ᠬᠡᠷᠡᠭᠯᠡᠭᠰᠡᠨ ᠨᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠭᠦᠨᠵᠡᠭᠡᠶᠢᠷᠡᠭᠦᠯᠬᠦ ᠠᠮᠢᠳᠤᠯᠢᠭ ᠦᠢᠯᠡᠳᠦᠯᠭᠡ ᠮᠥᠨ᠂ ᠴᠠᠭᠳᠠᠭ᠎ᠠ ᠶᠢᠨ ᠪᠠᠶᠢᠳᠠᠯ ᠢ ᠰᠢᠢᠳᠪᠦᠷᠢᠯᠡᠬᠦ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠬᠥᠮᠦᠨᠴᠢᠯᠡᠭᠰᠡᠨ ᠴᠢᠨᠠᠷ ᠪᠣᠯᠤᠨ ᠲᠤᠰᠬᠠᠶᠢᠵᠢᠭᠰᠠᠨ ᠲᠦᠪᠰᠢᠨ ᠢ ᠢᠯᠡᠷᠡᠭᠦᠯᠵᠦ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠬᠢᠩᠭᠠᠨ ᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠪᠤᠯᠤᠨ᠎ᠠ᠃ ︵ᠬᠣ᠋ ᡁᠢ ᠮᠢᠨ ᠳ᠋ᠢᠶᠤᠤ ᠪᠥᠸᠧ ᠢᠤᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号