ᠬᠢᠩᠭᠠᠨ ᠠᠶᠢᠮᠠᠭ ᠤᠨ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2025/6/17
         6 ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠬᠢᠬᠦ ᠶᠢᠨ ᠬᠠᠮᠳᠦ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠪᠠ         ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠭᠡ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠱᠢ ᠸᠠᠨ ᠵᠢᠶᠦ᠋ᠨ ᠦᠨᠡᠯᠡᠯᠲᠡ ᠶᠢᠨ ᠶᠠᠷᠢᠶ᠎ᠠ ᠲᠠᠯᠪᠢᠪᠠ᠃        ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠤᠯᠴᠠᠯᠭ᠎ᠠ ᠬᠦᠮᠦᠵᠢᠯ ᠤᠨ ᠨᠢᠭᠡᠳᠦᠭᠡᠷ ᠬᠢᠨᠠᠨ ᠵᠢᠯᠤᠭᠤᠳᠬᠤ ᠲᠤᠭᠤᠶᠢᠯᠠᠩ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠲᠤᠭᠤᠶᠢᠯᠠᠩ ᠤᠨ ᠭᠡᠰᠢᠬᠦᠳ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠥᠪ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ᠂ ᠠᠶᠢᠮᠠᠭ ᠤᠨ ᠨᠠᠮ ᠤᠨ ᠤᠳᠤᠷᠢᠳᠬᠤ ᠪᠠᠭ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠦᠪᠯᠡᠷᠡᠬᠦᠯᠦᠨ ᠴᠡᠭᠴᠡᠯᠡᠨ ᠵᠠᠰᠠᠬᠤ ᠪᠠᠶᠢᠳᠠᠯ ᠢ ᠰᠢᠨᠵᠢᠯᠡᠨ ᠪᠠᠶᠢᠴᠠᠭᠠᠪᠠ᠃ ᠬᠤᠷᠠᠯ ᠲᠡᠭᠡᠷ᠎ᠠ᠂ ᠢᠦᠢ ᠵᠢᠢ ᠱᠦᠨ᠂ ᠰᠢᠤᠢ ᠵᠦᠤᠤ᠂ ᠶᠠᠩ ᠵᠢᠢ ᠫᠧᠩ ᠨᠠᠷ ᠲᠤᠬᠠᠢ ᠶᠢᠨ ᠲᠠᠯᠠᠪᠠᠢ ᠶᠢᠨ ᠰᠣᠯᠢᠯᠴᠠᠭᠠᠨ ᠤ ᠶᠠᠷᠢᠶ᠎ᠠ ᠲᠠᠯᠪᠢᠵᠠᠢ᠃        ᠰᠦᠬᠡ ᠬᠡᠯᠡᠭᠰᠡᠨ ᠨᠢ᠂ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠨᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠴᠡᠭᠴᠡᠯᠡᠨ ᠵᠠᠰᠠᠬᠤ ᠶᠢᠨ ᠴᠢᠬᠤᠯᠠ ᠴᠢᠨᠠᠷ᠂ ᠲᠥᠪ ᠴᠢᠩᠭ᠎ᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠨᠡᠩ ᠥᠨᠳᠥᠷ ᠵᠣᠭᠰᠣᠴᠠ ᠪᠠᠷ ᠡᠨᠡ ᠬᠤᠶᠠᠷ ᠴᠢᠬᠤᠯᠠ ᠤᠯᠤᠰ ᠲᠦᠷᠦ ᠶᠢᠨ ᠡᠭᠦᠷᠭᠡ ᠶᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠪᠤᠶᠢᠮ᠎ᠠ ᠠᠰᠠᠭᠤᠳᠠᠯ ᠢ ᠡᠷᠡᠰ ᠵᠠᠯᠠᠷᠠᠭᠤᠯᠵᠤ᠂ ᠱᠦᠵᠢ ᠶᠢᠨ ᠲᠦᠷᠦᠯ ᠵᠦᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠬᠡᠯᠪᠡᠷᠢᠴᠢ ᠦᠵᠡᠯ ᠤᠨ ᠬᠡᠮ ᠰᠣᠭᠤᠭ ᠢ ᠦᠷᠭᠦᠯᠵᠢᠯᠡᠨ ᠬᠦᠴᠦᠯᠡᠨ ᠡᠪᠳᠡᠵᠦ᠂ ᠦᠨᠳᠦᠰᠦᠨ ᠱᠠᠳᠤᠨ ᠤ ᠲᠠᠷᠤᠭᠠᠰᠦ ᠶᠢ ᠬᠦᠩᠭᠡᠷᠡᠬᠦᠯᠬᠦ ᠬᠡᠷᠡᠭᠳᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠤᠷᠰᠢᠯᠭ᠎ᠠ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ︽ᠪᠠᠭ᠎ᠠ ᠶᠠᠪᠤᠳᠠᠯ ᠦᠴᠦᠭᠡᠨ ᠶᠠᠪᠤᠳᠠᠯ ᠤᠨ ᠤᠨᠤᠯ︾᠂ ︽ᠬᠥᠭᠵᠢᠯᠲᠡ ᠶᠢ ᠨᠥᠯᠥᠭᠡᠯᠡᠬᠦ ᠤᠨᠤᠯ︾᠂ ︽ᠠᠵᠢᠯ ᠲᠦᠷᠦᠯ ᠤᠨ ᠣᠨᠴᠠᠭᠠᠢ ᠤᠨᠤᠯ︾ ᠵᠡᠷᠭᠡ ᠪᠤᠷᠤᠭᠤ ᠲᠠᠨᠢᠯᠲᠠ ᠶᠢ ᠡᠪᠳᠡᠵᠦ᠂ 7 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠨᠡᠶᠢᠲᠡᠯᠢᠭ ᠵᠢᠱᠢᠶ᠎ᠡ ᠶᠢ ᠠᠳᠬᠤᠵᠤ᠂ ︽ᠬᠡᠯᠡᠨ ᠳᠡᠭᠡᠷᠡᠬᠢ ᠮᠠᠭᠤ ᠰᠤᠷᠲᠠᠯ︾ ᠢ ᠡᠷᠡᠰ ᠬᠤᠷᠢᠭᠯᠠᠬᠤ ᠬᠡᠷᠡᠭᠲᠡᠢ ᠭᠡᠪᠡ         ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠲᠣᠰ ᠤᠳᠠᠭ᠎ᠠ ᠶᠢᠨ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠭ᠎ᠠ ᠨᠢ ᠨᠠᠷᠢᠯᠢᠭ ᠣᠨᠣᠴᠠᠲᠠᠶ᠂ ᠲᠠᠨᠢᠯᠲᠠ ᠨᠢ ᠪᠣᠳᠠᠲᠠᠶ᠂ ᠬᠡᠯᠪᠡᠷᠢ ᠨᠢ ᠠᠮᠢᠳᠤᠯᠢᠭ᠂ ᠵᠠᠳᠠᠯᠤᠯᠲᠠ ᠨᠢ ᠭᠦᠨᠵᠡᠭᠡᠶ᠂ ᠪᠣᠳᠠᠲᠠᠶ ᠲᠠᠢ ᠨᠢᠭᠲᠠ ᠤᠶᠠᠯᠳᠤᠵᠤ᠂ ᠠᠷᠭ᠎ᠠ ᠬᠡᠮᠵᠢᠶ᠎ᠡ ᠨᠢ ᠶᠠᠪᠤᠭᠳᠠᠭᠤᠰᠢᠲᠠᠶ ᠪᠠᠶᠢᠵᠤ᠂ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠬᠤ᠂ ᠪᠠᠷᠢᠮᠵᠢᠶ᠎ᠠ ᠱᠠᠭᠠᠷᠳᠠᠯᠭ᠎ᠠ ᠶᠢ ᠬᠠᠷᠭᠤᠭᠤᠯᠬᠤ᠂ ᠪᠠᠶᠢᠷᠢᠯᠠᠭᠤᠯᠤᠯᠳᠠ ᠶᠢ ᠲᠤᠭᠤᠰᠢᠯᠠᠭᠤᠯᠬᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠭᠡᠬᠦ᠂ ᠦᠢᠯᠡ ᠠᠵᠢᠯᠯᠠᠭ᠎ᠠ ᠪᠠᠨ ᠨᠢᠭᠡᠳᠭᠡᠬᠦ ᠵᠣᠷᠢᠯᠭ᠎ᠠ ᠳᠤ ᠭᠦᠷᠦᠭᠰᠡᠨ ᠪᠠᠶᠢᠨ᠎ᠠ᠃ ᠢᠯᠠᠩᠭᠤᠶ᠎ᠠ ᠠᠶᠢᠮᠠᠭ ᠤᠨ ᠨᠠᠮ ᠤᠨ ᠬᠤᠷᠢᠶ᠎ᠠ ᠠᠴᠠ ᠪᠥᠬᠦ ᠠᠶᠢᠮᠠᠭ ᠤᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠳᠠᠬᠢᠨ ᠳᠠᠶᠢᠴᠢᠯᠠᠵᠤ ᠳᠠᠬᠢᠨ ᠪᠠᠶᠢᠷᠢᠯᠠᠭᠤᠯᠵᠤ᠂ ᠰᠢᠨ᠎ᠡ ᠱᠠᠭᠠᠷᠳᠠᠯᠭ᠎ᠠ ᠳᠤᠷᠠᠳᠴᠤ᠂ ᠰᠢᠨ᠎ᠡ ᠲᠣᠬᠢᠷᠠᠭᠤᠯᠤᠯᠲᠠ ᠬᠢᠭᠰᠡᠨ ᠨᠢ ᠪᠣᠳᠠᠲᠠᠶ ᠳᠤ ᠨᠡᠶᠢᠴᠡᠵᠠᠢ᠃ ᠬᠢᠩᠭᠠᠨ ᠠᠶᠢᠮᠠᠭ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠰᠠᠶᠢᠲᠤᠷ ᠠᠳᠬᠤᠵᠤ᠂ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠰᠠᠶᠢᠳᠤᠷ ᠠᠳᠬᠤᠵᠦ᠂ ᠰᠤᠷᠲᠠᠯ ᠢᠶᠠᠨ ᠬᠤᠪᠢᠷᠠᠭᠤᠯᠤᠭᠰᠠᠨ ᠰᠢᠨ᠎ᠡ ᠦᠷ᠎ᠡ ᠪᠦᠲᠦᠮᠵᠢ ᠪᠠᠷ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠰᠢᠨ᠎ᠡ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠵᠡᠢ᠃ ︵ᠬᠠᠨ ᠸᠧᠨ ᠪᠢᠨ ᠵᠠᠩ ᠸᠧᠶ ᠨᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号