ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/17
        6 ᠰᠠᠷ᠎ᠠ ᠶᠢᠨ 12 ᠤᠨ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠪᠣᠯᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠶᠢᠮᠠᠭ ᠤᠨ ᠪᠠᠶᠢᠳᠠᠯ ᠳᠤ ᠰᠠᠭᠤᠷᠢᠯᠠᠨ᠂ ᠰᠢᠨᠵᠢᠯᠡᠬᠦ ᠤᠬᠠᠭᠠᠨᠴᠢ ᠂ ᠠᠷᠠᠳᠴᠢᠯᠠᠯ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠠᠶᠢᠮᠠᠭ ᠬᠤᠰᠢᠭᠤ ᠰᠢᠶᠠᠨ ᠬᠤᠳᠠ ᠶᠢᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠨᠠᠶᠢᠷᠠᠭᠤᠯᠤᠨ ᠵᠤᠬᠢᠶᠠᠵᠦ ᠲᠠᠭᠤᠰᠬᠠᠬᠤ ᠶᠢ ᠦᠨᠡᠨᠬᠦ ᠪᠠᠳᠤᠯᠠᠬᠤ ᠬᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠦ᠂ ᠤᠷᠤᠨ ᠪᠦᠰᠡ ᠶᠢᠨ ᠤᠨᠴᠠᠯᠢᠬᠳᠦ ᠡᠬᠢ ᠪᠠᠶᠠᠯᠢᠭ ᠢ ᠬᠦᠨ ᠠᠭᠤᠳᠠᠯᠵᠤ᠂ ᠪᠤᠯᠪᠠᠰᠤᠨ ᠤ ᠪᠠᠶᠢᠭᠤᠯᠤᠯᠳᠠ ᠶᠢᠨ ᠠᠵᠢᠯ ᠢ ᠪᠤᠳᠠᠳᠠᠶᠢᠵᠢᠭᠤᠯᠤᠨ ᠨᠠᠷᠢᠯᠢᠭᠵᠢᠭᠤᠯᠬᠤ ᠬᠡᠷᠡᠭᠳᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠣᠯᠤᠨ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢ ᠪᠠᠷᠢᠮᠲᠠᠯᠠᠵᠤ᠂ ᠨᠡᠩ ᠤᠯᠠᠨ ᠠᠵᠤ ᠠᠬᠤᠶᠢᠯᠠᠯ ᠢ ᠵᠢᠯᠤᠭᠤᠳᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠳᠡᠯᠭᠡᠭᠴᠢ ᠬᠦᠴᠦᠨ ᠪᠤᠯᠭᠠᠨ ᠪᠤᠬᠢᠷᠳᠤᠯ ᠦᠭᠡᠢ ᠲᠡᠰᠢ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠬᠦᠯᠬᠦ ᠬᠡᠷᠡᠭᠳᠡᠢ ᠭᠡᠵᠦ ᠴᠢᠬᠤᠯᠠᠴᠢᠯᠠᠵᠠᠢ᠃        ᠬᠤᠷᠠᠯ ᠠᠴᠠ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ ᠪᠣᠯᠤᠨ ᠬᠤᠯᠪᠣᠭᠳᠠᠯ ᠪᠦᠬᠦᠢ ᠵᠠᠷᠯᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠠᠪᠤᠳᠠᠯ ᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠡᠭᠦᠷᠭᠡ ᠪᠣᠯᠭᠠᠨ ᠪᠣᠳᠠᠲᠠᠶ ᠰᠠᠶᠢᠳᠤᠷ ᠠᠳᠬᠤᠵᠦ᠂ ᠲᠦᠪᠯᠡᠷᠡᠬᠦᠯᠦᠨ ᠴᠡᠭᠴᠡᠯᠡᠨ ᠵᠠᠰᠠᠬᠤ ᠲᠦᠷᠦᠯ ᠲᠠᠢ ᠬᠠᠷᠭᠤᠭᠤᠯᠤᠨ ᠤᠷᠤᠰᠢᠵᠦ ᠪᠠᠶᠢᠭ᠎ᠠ ᠠᠰᠠᠭᠤᠳᠠᠯ ᠢ ᠪᠠᠶᠢᠴᠠᠭᠠᠨ᠂ ᠴᠡᠭᠴᠡᠯᠡᠨ ᠵᠠᠰᠠᠬᠤ ᠬᠦᠴᠦᠯᠡᠴᠡ ᠪᠠᠨ ᠨᠡᠮᠡᠭᠳᠡᠬᠦᠯᠵᠦ᠂ ᠨᠢᠭᠡᠳᠦᠭᠡᠷ ᠬᠠᠷᠢᠭᠤᠴᠠᠯᠭᠠᠳᠠᠨ ᠤ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠬᠥᠮᠦᠨ ᠪᠠ ᠬᠡᠷᠡᠭ ᠶᠠᠪᠤᠳᠠᠯ ᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠢᠯᠡᠳᠲᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠠᠴᠠ ︽2025 ᠣᠨ ᠤ ᠦᠵᠡᠰᠭᠦᠯᠡᠩᠲᠦ ᠰᠠᠶᠢᠬᠠᠨ ᠬᠢᠩᠭᠠᠨ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠤᠨ ᠨᠠᠷᠢᠨ ᠳᠠᠩᠰᠠ︾ ᠶᠢ ᠰᠤᠳᠤᠯᠤᠨ ᠬᠢᠨᠠᠨ ᠵᠥᠪᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠡᠳᠭᠢᠴᠡ ᠪᠠᠷ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ ᠰᠢᠯᠵᠢᠭᠦᠯᠦᠨ ᠰᠢᠢᠳᠪᠦᠷᠢᠯᠡᠬᠦ ᠬᠡᠷᠡᠭ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠠᠮᠢ ᠠᠬᠤᠢ ᠶᠢ ᠲᠠᠷᠢᠬᠦᠨ ᠳᠤ ᠲᠠᠯᠪᠢᠬᠤ᠂ ᠪᠤᠬᠢᠷᠳᠤᠯ ᠦᠭᠡᠢ ᠬᠦᠭᠵᠢᠯᠳᠡ ᠶᠢᠨ ᠵᠠᠮ ᠢᠶᠠᠷ ᠰᠠᠶᠢᠳᠤᠷ ᠵᠠᠮᠨᠠᠬᠤ ᠬᠡᠷᠡᠭᠳᠡᠢ ᠭᠡᠵᠦ ᠴᠢᠬᠤᠯᠠᠴᠢᠯᠠᠵᠠᠢ᠃ ︵ᠵᠠᠩ ᠴᠢᠶᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号