| ᠠᠶᠤᠯᠭᠦᠢ ᠦᠢᠯᠡᠳᠪᠦᠷᠢᠯᠡᠯ ᠪᠣᠯ ᠠᠷᠠᠳ ᠤᠨ ᠠᠮᠢᠳᠤᠷᠠᠯ ᠤᠨ ᠰᠠᠭᠤᠷᠢ᠂ ᠬᠥᠭᠵᠢᠯᠲᠡ ᠶᠢᠨ ᠴᠢᠬᠤᠯᠠ | ᠵᠦᠢᠯ ᠮᠥᠨ᠃ ᠤᠢᠢᠷ᠎ᠠ ᠶᠢᠨ ᠵᠢᠯ ᠠᠴᠠ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠤᠪᠴᠢᠶ᠎ᠠ ︽ᠠᠮᠢ ᠨᠠᠰᠤ ᠶᠢ ᠳᠡᠭᠡᠳᠦᠯᠡᠬᠦ︾ ᠤᠢᠢᠯᠠᠭᠠᠭᠳᠠᠬᠤᠨ ᠢ ᠪᠠᠷᠢᠮᠲᠠᠯᠠᠵᠤ᠂ ︽ᠤᠷᠳᠤ ᠬᠤᠭᠤᠴᠠᠭ᠎ᠠ ᠪᠠᠷ | ᠴᠢᠷᠮᠠᠶᠢᠬᠤ︾ ᠤᠶᠠᠨ ᠬᠠᠳᠠᠨ ᠵᠣᠷᠢᠭ ᠢᠶᠠᠷ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠨ ᠨᠠᠷᠢᠯᠢᠭ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠱᠠᠭᠠᠷᠳᠠᠯᠭ᠎ᠠ ᠶᠢ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ | ᠪᠦᠬᠦ ᠶᠠᠪᠤᠴᠠ ᠳᠤ ᠲᠤᠭᠤᠰᠢᠯᠠᠭᠤᠯᠵᠤ᠂ ᠵᠢᠭᠤᠯᠴᠢᠯᠠᠭᠴᠢᠳ ᠤᠨ ᠠᠶᠠᠨ ᠵᠠᠮ ᠤᠨ ᠠᠮᠤᠷ ᠲᠦᠪᠰᠢᠨ ᠢ ᠪᠠᠲᠤᠯᠠᠵᠤ᠂ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠲᠤᠳᠬᠠᠪᠠ᠃ | ᠲᠤᠭᠤᠷ ᠤᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ᠂ ᠤᠯᠠᠭᠠᠨᠬᠤᠲᠠ ᠶᠢᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠠᠵᠢᠯᠲᠠᠳ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠩᠬᠠᠷᠴᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ᠂ | ᠠᠮᠤᠷ ᠲᠦᠪᠰᠢᠨ ᠤ ᠰᠡᠷᠡᠮᠵᠢ ᠶᠢᠨ ᠲᠡᠮᠳᠡᠭ᠂ ᠦᠵᠡᠮᠵᠢ ᠶᠢᠨ ᠣᠷᠣᠨ ᠢ ᠲᠣᠭᠤᠷᠢᠨ ᠦᠵᠡᠬᠦ ᠦᠨᠡᠮᠯᠡᠯ ᠵᠡᠷᠭᠡ ᠳᠤ | ᠲᠤᠰᠬᠠᠢ ᠪᠠᠶᠢᠴᠠᠭᠠᠯᠲᠠ ᠬᠢᠵᠡᠢ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ | ᠡᠬᠡ ᠲᠠᠩᠰᠠ ᠪᠠᠶᠢᠭᠤᠯᠵᠤ᠂ ᠪᠢᠲᠡᠭᠦᠦ ᠴᠠᠭᠠᠷᠢᠭᠲᠤ ᠬᠠᠮᠢᠶᠠᠷᠤᠯᠲᠠ ᠶᠢ ᠬᠡᠷᠡᠭᠵᠢᠭᠦᠯᠵᠦ᠂ ᠳᠠᠯᠳᠠ ᠬᠡᠮ ᠢ | ᠬᠥᠳᠡᠯᠦᠩᠭᠦᠶ ᠪᠠᠷ ᠰᠢᠢᠳᠪᠦᠷᠢᠯᠡᠬᠦ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠠᠢ᠃ | ︽ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠪᠢᠳᠡ ᠦᠵᠡᠮᠵᠢ ᠶᠢᠨ | ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠨ᠎ᠠ᠂ ᠦᠵᠡᠮᠵᠢ ᠶᠢᠨ | ᠣᠷᠣᠨ ᠤ ᠡᠵᠡᠩᠨᠡᠯᠲᠡ ᠶᠢᠨ ᠳᠤᠮᠳᠠ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠢᠭ᠎ᠠ ᠱᠤᠭᠤᠮ ᠤᠨ | ᠰᠡᠳᠬᠢᠬᠦᠢ ᠪᠣᠯᠤᠨ ᠤᠯᠠᠭᠠᠨ ᠱᠤᠭᠤᠮ ᠤᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠪᠠ᠃ ᠬᠤᠶᠢᠰᠢᠳᠠ ᠶᠢᠨ | ᠠᠵᠢᠯ ᠤᠨ ᠳᠤᠮᠳᠠ᠂ ᠪᠢᠳᠡ ᠡᠳᠦᠷ ᠲᠤᠲᠤᠮ ᠤᠨ ᠠᠶᠤᠯᠭᠦᠶ ᠦᠶ᠋ᠯᠡᠳᠪᠦᠷᠢᠯᠡᠯ ᠬᠢᠭᠡᠳ ᠬᠡᠮ ᠰᠣᠭᠤᠭ ᠢ ᠵᠢᠭᠰᠠᠭᠠᠨ | ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢᠶᠠᠨ | ᠳᠡᠭᠡᠭᠰᠢᠯᠡᠭᠦᠯᠦᠨ᠎ᠡ︾ ᠭᠡᠵᠦ ᠤᠯᠠᠭᠠᠨᠬᠤᠲᠠ ᠶᠢᠨ ᠼᠠᠢ ᠰᠢᠨ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠪᠦᠷᠢᠨ ᠪᠣᠰᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠡᠳ᠋ ᠳᠠᠷᠤᠭ᠎ᠠ ᠷᠧᠨ | ᠵᠢᠶᠠᠨ ᠹᠸᠢ ᠬᠡᠯᠡᠪᠡ᠃ | ᠡᠭᠦᠨ ᠤ ᠬᠠᠮᠲᠤ᠂ ᠪᠠᠶᠠᠨᠴᠠᠭᠠᠨ ᠠᠭᠤᠯᠠ ᠦᠵᠡᠮᠵᠢ ᠶᠢᠨ ᠣᠷᠣᠨ ᠳᠤ᠂ ᠤᠯᠠᠭᠠᠨᠬᠤᠲᠠ ᠶᠢᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠠᠵᠢᠯᠲᠠᠳ ᠦᠵᠡᠮᠵᠢ ᠶᠢᠨ ᠣᠷᠣᠨ ᠤ ᠸᠢᠳᠢᠤ᠋ ᠰᠢᠰᠲ᠋ᠧᠮ ᠢ | ᠭᠤᠣᠯᠳᠠᠯᠭ᠎ᠠ ᠲᠠᠢ ᠪᠠᠶᠢᠴᠠᠭᠠᠵᠤ᠂ ᠲᠥᠬᠦᠭᠡᠷᠦᠮᠵᠢ ᠶᠢᠨ ᠲᠤᠭ᠎ᠠ ᠬᠡᠮᠵᠢᠶ᠎ᠡ᠂ ᠲᠠᠷᠬᠠᠯᠲᠠ ᠶᠢᠨ ᠬᠡᠪᠴᠢᠶ᠎ᠡ᠂ | ᠠᠵᠢᠯᠯᠠᠭᠠᠨ ᠤ ᠪᠠᠶᠢᠳᠠᠯ ᠵᠡᠷᠭᠡ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠨᠠᠷᠢᠨ ᠨᠢᠭᠲᠠ ᠬᠢᠨᠠᠨ ᠪᠠᠶᠢᠴᠠᠭᠠᠵᠤ᠂ | ᠸᠢᠳᠢᠤ᠋ ᠰᠢᠰᠲ᠋ᠧᠮ ᠤᠨ ᠪᠦᠬᠦᠯᠢ ᠡᠳᠦᠷ ᠤᠨ ᠬᠡᠪ ᠤᠨ ᠠᠵᠢᠯᠯᠠᠭᠠᠨ ᠢ ᠪᠠᠲᠤᠯᠠᠵᠤ᠂ ᠦᠵᠡᠮᠵᠢ ᠶᠢᠨ ᠣᠷᠣᠨ ᠤ | ᠬᠥᠮᠦᠰ ᠤᠨ ᠠᠵᠢᠯᠯᠠᠭ᠎ᠠ ᠪᠣᠯᠤᠨ ᠠᠮᠤᠷ ᠲᠦᠪᠰᠢᠨ ᠤ ᠪᠠᠶᠢᠳᠠᠯ ᠢ ᠪᠦᠬᠦ ᠲᠠᠯ᠎ᠠ ᠪᠠᠷ ᠬᠢᠨᠠᠨ ᠡᠵᠡᠮᠳᠡᠬᠦ ᠶᠢ | ᠪᠡᠶᠡᠯᠡᠭᠦᠯᠵᠦ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠬᠦᠴᠦᠲᠡᠢ | ᠪᠠᠲᠤᠯᠠᠭ᠎ᠠ ᠬᠠᠩᠭᠠᠪᠠ᠃ | ︽ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠳᠤ ᠴᠢᠭᠯᠡᠭᠦᠯᠦᠨ᠂ ᠵᠢᠭᠤᠯᠴᠢᠯᠠᠭᠴᠢᠳ ᠴᠤᠭᠯᠠᠷᠠᠬᠤ᠂ | ᠠᠶᠤᠯᠲᠠᠢ ᠣᠷᠣᠨ ᠪᠦᠰᠡ ᠳᠤ ᠣᠷᠣᠬᠤ ᠵᠡᠷᠭᠡ ᠬᠡᠪ ᠤᠨ ᠪᠤᠰᠤ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠬᠦ ᠪᠠ | ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠢ ᠭᠡᠳᠡᠭ ᠢ ᠣᠶᠢᠯᠠᠭᠠᠪᠠ᠂ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠸᠢᠳᠢᠤ᠋ | ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠥᠷᠨᠢᠭᠦᠯᠵᠦ᠂ ᠲᠥᠬᠦᠭᠡᠷᠦᠮᠵᠢ ᠰᠠᠭᠠᠳ ᠭᠠᠷᠬᠤ᠂ | ᠰᠦᠯᠵᠢᠶ᠎ᠡ ᠳᠣᠬᠢᠶ᠎ᠠ ᠲᠠᠰᠤᠷᠬᠤ ᠵᠡᠷᠭᠡ ᠭᠡᠨᠡᠳᠲᠡ ᠶᠢᠨ ᠪᠠᠶᠢᠳᠠᠯ ᠢ ᠳᠠᠭᠤᠷᠢᠶᠠᠵᠤ᠂ ᠪᠦᠯᠬᠦᠮ ᠨᠡᠶᠢᠲᠡ ᠶᠢᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠤᠷᠢᠳᠴᠢᠯᠠᠨ | ᠰᠡᠷᠡᠮᠵᠢᠯᠡᠭᠦᠯᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠦᠨ᠎ᠡ︾ ᠭᠡᠵᠦ ᠪᠠᠶᠠᠨᠴᠠᠭᠠᠨ ᠠᠭᠤᠯᠠ ᠦᠵᠡᠮᠵᠢ ᠶᠢᠨ | ᠣᠷᠣᠨ ᠤ ᠠᠮᠤᠷ ᠢ ᠬᠠᠮᠠᠭᠠᠯᠠᠬᠤ ᠳᠣᠭᠤᠶᠢᠯᠠᠩ ᠤᠨ ᠳᠠᠷᠤᠭ᠎ᠠ ᠴᠧᠨ ᠵᠢᠶᠠᠩ ᠬᠡᠯᠡᠪᠡ᠃ | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠲᠠᠯᠠᠪᠤᠷ ᠲᠤ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠪᠣᠯᠪᠠᠰᠤᠷᠠᠯ ᠪᠠ ᠪᠠᠶᠢᠩᠭᠤᠵᠢᠭᠰᠠᠨ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠬᠤ ᠠᠵᠢᠯ | ᠥᠷᠨᠢᠭᠦᠯᠵᠦ᠂ ︽ᠪᠠᠶᠢᠴᠠᠭᠠᠬᠤ - ᠴᠡᠭᠴᠡᠯᠡᠨ ᠰᠠᠶᠢᠵᠢᠷᠠᠭᠤᠯᠬᠤ - ᠳᠠᠬᠢᠨ ᠬᠢᠨᠠᠬᠤ︾ ᠪᠢᠲᠡᠭᠦᠦ ᠴᠠᠭᠠᠷᠢᠭᠲᠤ | ᠬᠠᠮᠢᠶᠠᠷᠤᠯᠲᠠ ᠶᠢ ᠪᠦᠷᠢᠯᠳᠦᠭᠦᠯᠵᠡᠢ᠃ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠲᠠᠢ ︽ | ᠠᠶᠤᠯᠭᠦᠢ ᠦᠢᠯᠡᠳᠪᠦᠷᠢᠯᠡᠯ ᠬᠢᠭᠡᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠤᠤᠰ ᠠᠮᠠᠯᠠᠯᠲᠠ ᠶᠢᠨ | ᠪᠢᠴᠢᠭ︾ ᠲᠣᠭᠲᠠᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠠᠢ᠃ ᠵᠢᠭᠤᠯᠴᠢᠯᠠᠯ ᠤᠨ ᠬᠥᠭᠵᠢᠶᠡᠨᠲᠦ | ᠤᠯᠠᠷᠢᠯ ᠳᠤ ᠣᠷᠣᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠲᠦᠬᠦᠭᠡᠷᠦᠮᠵᠢ ᠶᠢᠨ ᠣᠨ ᠤ ᠪᠠᠶᠢᠴᠠᠭᠠᠯᠲᠠ | ᠬᠠᠮᠠᠭᠠᠯᠠᠯᠲᠠ᠂ ᠲᠠᠷᠬᠠᠭᠠᠬᠤ ᠵᠠᠮ ᠤᠨ ᠲᠡᠮᠳᠡᠭ ᠪᠠᠶᠢᠷᠢᠯᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ | ᠴᠢᠭᠯᠡᠭᠦᠯᠦᠨ᠂ ᠡᠯ᠎ᠡ ᠦᠵᠡᠮᠵᠢ ᠶᠢᠨ ᠣᠷᠣᠨ ᠢ ᠱᠠᠯᠠᠪᠳᠠᠭᠤᠯᠵᠤ ᠪᠠᠶᠢᠭᠠᠳ ᠡᠯ᠎ᠡ ᠲᠥᠷᠥᠯ ᠤᠨ ᠠᠮᠤᠷ ᠲᠦᠪᠰᠢᠨ ᠤ | ᠲᠡᠮᠳᠡᠭ ᠢ ᠲᠡᠭᠦᠯᠳᠡᠷᠵᠢᠭᠦᠯᠵᠡᠢ᠂ ᠵᠢᠱᠢᠶᠡᠯᠡᠪᠡᠯ ᠤᠰᠤᠨ ᠳᠤ ᠵᠢᠪᠬᠦ ᠶᠢ ᠰᠡᠷᠭᠡᠶᠢᠯᠡᠬᠦ ᠰᠡᠷᠡᠮᠵᠢᠯᠡᠭᠦᠯᠦᠯ᠂ ᠭᠠᠯ | ᠰᠡᠷᠭᠡᠶᠢᠯᠡᠬᠦ ᠰᠠᠨᠠᠭᠤᠯᠤᠮᠵᠢ᠂ ᠠᠶᠤᠯᠲᠠᠶ ᠣᠷᠣᠨ ᠪᠦᠰᠡ ᠶᠢᠨ ᠲᠡᠮᠳᠡᠭ ᠵᠡᠷᠭᠡ ᠶᠢ ᠲᠡᠷᠡ ᠳᠠᠷᠤᠶ ᠳᠤᠨᠢ | ᠪᠦᠷᠢᠨᠰᠢᠭᠦᠯᠵᠦ᠂ ᠵᠢᠭᠤᠯᠴᠢᠯᠠᠭᠰᠠᠳ ᠲᠤ ᠲᠡᠷᠡ ᠳᠠᠷᠤᠶ ᠳᠤᠨᠢ ᠳᠠᠯᠳᠠ ᠠᠶᠤᠯ ᠲᠦᠭᠰᠢᠭᠦᠷᠢ ᠶᠢ ᠣᠶᠢᠯᠠᠭᠠᠭᠤᠯᠵᠤ᠂ | ᠳᠣᠲᠣᠷ᠎ᠠ ᠪᠠᠨ ᠲᠤᠭ᠎ᠠ ᠲᠠᠢ᠂ ᠵᠤᠭᠠᠴᠠᠨ ᠨᠠᠭᠠᠳᠬᠤ ᠳᠤ ᠨᠠᠩ ᠰᠠᠨᠠᠭ᠎ᠠ ᠠᠮᠤᠷ ᠪᠣᠯᠭᠠᠵᠠᠢ᠃ ᠣᠯᠵᠤ ᠮᠡᠳᠡᠭᠰᠡᠨ | ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ | ᠳᠤᠷᠠᠳᠬᠤ ᠶᠢᠨ ᠬᠠᠮᠲᠤ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠢ ᠱᠠᠯᠠᠪᠳᠠᠭᠤᠯᠵᠤ ᠴᠠᠭ ᠲᠤᠬᠠᠶ ᠳᠤᠨᠢ | ᠨᠠᠶᠢᠳᠠᠪᠤᠷᠢᠵᠢᠭᠤᠯᠵᠤ᠂ ᠤᠷᠢᠳᠴᠢᠯᠠᠨ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠵᠡᠢ᠃ | | |