ᠤᠯᠠᠭᠠᠨᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/17
        6 ᠰᠠᠷ᠎ᠠ ᠶᠢᠨ 13 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠭᠤᠤᠯ ᠳᠤᠭᠤᠶᠢᠯᠠᠩ ᠤᠨ ᠭᠡᠰᠢᠭᠦᠳ ᠰᠤᠷᠤᠯᠴᠠᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃        ᠬᠤᠷᠠᠯ ᠳᠡᠭᠡᠷ᠎ᠡ ᠲᠥᠪ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠠᠮᠢᠶ᠎ᠠ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠶ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠯᠪᠡᠷᠢᠴᠢ ᠦᠵᠡᠯ ᠤᠨ ᠲᠤᠪᠤᠶᠢᠮ᠎ᠠ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠭᠦᠢᠴᠡᠳᠬᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠪᠠᠯᠭᠠᠰᠤ ︵ᠵᠡᠭᠡᠯᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠬᠠᠭᠤᠳᠠᠰᠤ ᠶᠢ ᠪᠥᠬᠦ ᠲᠠᠯ᠎ᠠ ᠪᠠᠷ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠲᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠪᠠᠶᠢᠩᠭᠤᠵᠢᠭᠤᠯᠵᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠠᠬᠢᠭᠤᠯᠬᠤ ᠬᠡᠷᠡᠭᠲᠡᠶ᠃ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠢᠯᠤᠭᠤᠳᠬᠠᠵᠤ᠂ ᠠᠰᠠᠭᠤᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠡᠯᠪᠡᠷᠢᠴᠢ ᠦᠵᠡᠯ ᠲᠠᠬᠢᠨ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃        ᠬᠤᠷᠠᠯ ᠠᠴᠠ᠂ ᠪᠦᠬᠦ ᠨᠠᠮ ᠤᠨ ᠭᠡᠰᠢᠭᠦᠨ ᠺᠠᠳ᠋ᠷ ᠪᠣᠯᠤᠨ ᠠᠯᠪᠠᠨ ᠲᠤᠰᠢᠶᠠᠯᠲᠠᠨ ᠬᠥᠮᠦᠵᠢᠯ ᠵᠢᠯᠤᠭᠤᠳᠤᠯᠭ᠎ᠠ ᠪᠠᠨ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦ ᠠᠴᠠ ᠨᠢ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠤᠯᠤᠰ ᠲᠦᠷᠦ ᠶᠢᠨ ᠮᠥᠨ ᠴᠢᠨᠠᠷ ᠪᠣᠯᠤᠨ ᠤᠯᠤᠰ ᠲᠦᠷᠦ ᠶᠢᠨ ᠬᠤᠣᠷ ᠬᠥᠨᠥᠭᠡᠯ ᠢ ᠭᠦᠢᠴᠡᠳ ᠲᠠᠨᠢᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠠᠷᠠᠰᠠᠯᠳᠤ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠬᠡᠷᠡᠭ ᠢᠶᠠᠷ ᠲᠤᠯᠢ ᠪᠣᠯᠭᠠᠬᠤ ᠶᠢ ᠪᠠᠷᠢᠮᠲᠠᠯᠠᠵᠤ᠂ 7 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ᠂ ᠪᠦᠬᠦᠨ ᠢ ᠪᠦᠷᠬᠦᠬᠦᠯᠵᠤ ᠵᠣᠬᠢᠶᠠᠨ ᠪᠠᠶᠢᠭᠤᠯᠵᠤ ᠰᠤᠷᠤᠯᠴᠠᠨ ᠰᠤᠳᠤᠯᠤᠨ ᠶᠠᠷᠢᠯᠴᠠᠵᠤ᠂ ᠰᠡᠳᠬᠢᠯ ᠤᠨ ᠦᠭᠡ ᠪᠠᠨ ᠶᠠᠷᠢᠯᠴᠠᠵᠤ᠂ ︽ᠢᠳᠡᠭᠡᠨ ᠤᠮᠳᠠᠭᠠᠨ ᠤ ᠲᠠᠯ᠎ᠠ ᠪᠠᠷ ᠬᠢ ᠢᠯᠵᠠᠷᠠᠯ︾ ᠢ ᠡᠷᠡᠰ ᠬᠤᠷᠢᠭᠯᠠᠬᠤ ᠬᠡᠷᠡᠭᠲᠡᠢ᠃ ᠬᠠᠷᠠᠯᠲᠠ ᠶᠢᠨ ᠴᠢᠭᠯᠡᠯ ᠢᠶᠠᠷ ᠵᠠᠰᠠᠬᠤ ᠶᠢ ᠪᠠᠷᠢᠮᠲᠠᠯᠠᠵᠤ᠂ ᠠᠵᠢᠯᠯᠠᠭ᠎ᠠ ᠶᠢᠨ ᠲᠠᠯ᠎ᠠ ᠪᠠᠷ ᠤᠷᠳᠤ ᠬᠤᠭᠤᠴᠠᠭ᠎ᠠ ᠪᠠᠷ ᠴᠢᠷᠮᠠᠶᠢᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠶᠢ ᠰᠤᠷᠤᠯᠴᠠᠯᠭ᠎ᠠ ᠠᠮᠢᠳᠤᠷᠠᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠲᠦᠷᠢᠮ ᠤᠨ ᠲᠠᠯ᠎ᠠ ᠠᠴᠠ ᠦᠨᠳᠦᠰᠦ ᠶᠢ ᠪᠠᠬᠢᠵᠢᠭᠦᠯᠵᠦ᠂ ᠲᠦᠷᠢᠮ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠨᠢᠭᠡᠨ ᠤᠷᠳᠤ ᠬᠤᠭᠤᠴᠠᠭᠠᠨ ᠤ ᠴᠢᠬᠤᠯᠠ ᠡᠭᠦᠷᠭᠡ ᠪᠣᠯᠭᠠᠵᠤ᠂ ᠲᠦᠷᠢᠮ ᠲᠣᠭᠲᠠᠭᠠᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠬᠢᠨᠠᠯᠲᠠ ᠲᠠᠯᠪᠢᠬᠤ + ᠰᠠᠬᠢᠯᠭ᠎ᠠ ᠪᠠᠲᠤ ᠶᠢ ᠬᠡᠷᠡᠭᠵᠢᠭᠦᠯᠬᠦ + ᠬᠠᠷᠢᠭᠤᠴᠠᠯᠭ᠎ᠠ ᠨᠡᠬᠡᠮᠵᠢᠯᠡᠬᠦ︾ ᠪᠢᠲᠡᠭᠦᠮᠵᠢᠯᠡᠭᠰᠡᠨ ᠰᠢᠰᠲ᠋ᠧᠮ ᠢ ᠪᠦᠷᠢᠨᠰᠢᠬᠦᠯᠬᠦ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠣᠯᠤᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号