| ᠪᠥᠬᠦ ᠤᠯᠤᠰ ᠤᠨ ᠰᠣᠷᠣᠭᠴᠢ ᠶᠢ ᠲᠡᠳᠬᠦᠨ ᠲᠤᠰᠠᠯᠠᠬᠤ ᠬᠠᠮᠢᠶᠠᠷᠤᠯᠲᠠ ᠶᠢᠨ ᠲᠥᠪ ᠣᠶᠢᠷ᠎ᠠ ᠳᠤ | 2025 ᠣᠨ ᠤ 2 ᠳ᠋ᠤᠭᠠᠷ ᠲᠣᠭᠠᠲᠤ ᠰᠡᠷᠡᠮᠵᠢᠯᠡᠭᠦᠯᠦᠯ ᠨᠡᠶᠢᠲᠡᠯᠡᠵᠦ᠂ ᠥᠷᠭᠡᠨ ᠣᠯᠠᠨ ᠰᠣᠷᠣᠭᠴᠢᠳ ᠲᠤ ᠬᠠᠤᠯᠢ | ᠪᠤᠰᠤ ︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾ ᠶᠢᠨ ᠤᠨᠠᠭᠤᠯᠢ ᠠᠴᠠ ᠰᠡᠷᠡᠮᠵᠢᠯᠡᠬᠦ ᠬᠡᠷᠡᠭᠲᠡᠶ ᠭᠡᠵᠦ | ᠰᠠᠨᠠᠭᠤᠯᠪᠠ᠃ | ᠰᠡᠷᠡᠮᠵᠢᠯᠡᠭᠦᠯᠦᠯ ᠳᠤ᠂ ᠣᠶᠢᠷ᠎ᠠ ᠳᠤ ᠬᠠᠤᠯᠢ ᠪᠤᠰᠤ ︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾ | ᠳᠠᠬᠢᠨ ᠡᠭᠦᠰᠴᠦ᠂ ᠥᠷᠭᠡᠨ ᠣᠯᠠᠨ ᠰᠤᠷᠤᠭᠴᠢᠳ ᠤᠨ ᠠᠰᠢᠭ ᠲᠤᠰᠠ ᠶᠢ ᠬᠦᠨᠳᠦ ᠨᠣᠴᠢᠲᠠᠶ ᠬᠤᠬᠢᠷᠠᠭᠤᠯᠪᠠ᠃ | ᠵᠠᠷᠢᠮ ᠬᠠᠤᠯᠢ ᠪᠤᠰᠤ ᠰᠦᠯᠵᠢᠶᠡᠨ ᠤ ᠵᠢᠭᠡᠯᠡᠯᠭᠡ ᠶᠢᠨ ᠲᠠᠪᠴᠠᠩ ᠨᠢ ᠭᠤᠶᠤᠴᠢᠯᠠᠬᠤ ᠪᠠᠷᠢᠮᠵᠢᠶ᠎ᠠ ᠳᠤᠤᠷ᠎ᠠ᠂ | ᠭᠦᠢᠴᠡᠳᠭᠡᠬᠦ ᠨᠢ ᠲᠦᠷᠭᠡᠨ᠂ ᠬᠠᠩᠭᠠᠬᠤ ᠵᠤᠭᠤᠰ ᠤᠨ ᠬᠡᠮᠵᠢᠶ᠎ᠡ ᠥᠨᠳᠥᠷ᠂ ᠬᠦᠦ ᠮᠥᠩᠭᠦ ᠶᠢᠨ ᠨᠣᠷᠮ᠎ᠠ ᠨᠢ | ᠳᠤᠤᠷ᠎ᠠ ᠪᠠᠶᠢᠬᠤ ᠪᠠᠷ ᠦᠳᠦᠭᠡᠯᠭᠡ ᠪᠣᠯᠭᠠᠵᠤ᠂ ᠰᠤᠷᠤᠭᠴᠢᠳ ᠢ ᠬᠡᠮᠵᠢᠶᠡᠨ ᠠᠴᠠ ᠪᠠᠨ ᠬᠡᠳᠦᠷᠡᠭᠰᠡᠨ ᠬᠡᠷᠡᠭᠯᠡᠭᠡ᠂ | ᠰᠣᠬᠤᠷ ᠪᠠᠯᠠᠶ ᠪᠠᠷ ᠵᠢᠭᠡᠯᠡᠯᠭᠡ ᠬᠢᠯᠭᠡᠵᠦ᠂ ᠰᠤᠷᠤᠭᠴᠢᠳ ᠢ ᠥᠷᠢ ᠥᠭᠴᠡᠭᠡ ᠳᠤ ᠤᠴᠠᠷᠠᠭᠤᠯᠵᠤ᠂ ᠥᠨᠳᠥᠷ | ᠬᠦᠦ ᠲᠠᠢ ᠵᠢᠭᠡᠯᠡᠯᠭᠡ ᠶᠢᠨ ᠠᠶᠤᠯ ᠲᠦᠭᠰᠢᠭᠦᠷᠢ ᠳᠡᠶᠢᠰᠢ ᠳᠦᠯᠬᠢᠵᠦ᠂ ᠬᠡᠰᠡᠭ ᠰᠤᠷᠤᠭᠴᠢᠳ ᠥᠷᠢ ᠥᠭᠴᠡᠭᠡ ᠪᠠᠨ | ᠳᠥᠯᠥᠬᠦ ᠴᠢᠳᠠᠯ ᠥᠬᠡᠶ ᠦᠶ᠎ᠡ ᠳᠤ ᠬᠠᠤᠯᠢ ᠪᠤᠰᠤ ᠪᠠᠷ ᠦᠷᠢ ᠨᠡᠬᠡᠵᠦ᠂ ᠠᠯᠢ ᠣᠯᠠᠨ ᠬᠦᠨᠳᠦ ᠨᠣᠴᠢᠲᠠᠶ ᠦᠷ᠎ᠡ | ᠤᠷᠰᠢᠭ ᠡᠭᠦᠰᠬᠡᠵᠡᠢ ᠭᠡᠪᠡ᠃ | ᠪᠥᠬᠦ ᠤᠯᠤᠰ ᠤᠨ ᠰᠤᠷᠤᠭᠴᠢᠳ ᠢ ᠲᠡᠳᠬᠦᠨ ᠲᠤᠰᠠᠯᠠᠬᠤ ᠬᠠᠮᠢᠶᠠᠷᠤᠯᠲᠠ ᠶᠢᠨ ᠲᠥᠪ ᠠᠴᠠ ᠥᠷᠭᠡᠨ | ᠣᠯᠠᠨ ᠰᠤᠷᠤᠭᠴᠢᠳ ᠲᠤ᠂ ᠰᠢᠨᠵᠢᠯᠡᠬᠦ ᠤᠬᠠᠭᠠᠨᠴᠢ ᠪᠥᠭᠡᠳ ᠣᠶᠤᠨᠴᠢ ᠬᠡᠷᠡᠭᠯᠡᠭᠡ ᠶᠢᠨ ᠦᠵᠡᠯᠲᠡ ᠶᠢ ᠪᠣᠶ | ᠪᠣᠯᠭᠠᠵᠤ᠂ ᠣᠶᠤᠨᠴᠢ ᠬᠡᠷᠡᠭᠯᠡᠭᠡ ᠶᠢᠨ ᠤᠬᠠᠮᠰᠠᠷ ᠪᠠ ᠰᠠᠶᠢᠨ ᠰᠠᠶᠢᠬᠠᠨ ᠬᠡᠷᠡᠭᠯᠡᠭᠡ ᠶᠢᠨ ᠳᠠᠳᠬᠠᠯ ᠢ ᠬᠥᠮᠦᠵᠢᠭᠦᠯᠦᠨ᠂ | ᠡᠳᠦᠷ ᠲᠤᠲᠤᠮ ᠤᠨ ᠵᠠᠷᠤᠯᠭ᠎ᠠ ᠪᠠᠨ ᠵᠦᠶ ᠵᠣᠬᠢᠰᠲᠠᠶ ᠲᠥᠯᠥᠪᠵᠢᠭᠦᠯᠵᠦ᠂ ᠤᠷᠢᠳᠴᠢᠯᠠᠨ ᠬᠡᠷᠡᠭᠯᠡᠭᠡ ᠬᠢᠬᠦ᠂ ᠬᠡᠲᠦ | ᠬᠡᠷᠡᠭᠯᠡᠭᠡ ᠬᠢᠬᠦ᠂ ᠣᠯᠠᠨ ᠢ ᠳᠠᠭᠠᠭᠰᠠᠨ ᠬᠡᠷᠡᠭᠯᠡᠭᠡ ᠵᠡᠷᠭᠡ ᠠᠴᠠ ᠵᠠᠶᠢᠯᠠᠰᠭᠢᠬᠦ ᠬᠡᠷᠡᠭᠲᠡᠶ︔ ᠵᠢᠩᠬᠢᠨᠢ ᠠᠷᠭ᠎ᠠ ᠵᠠᠮ ᠢᠶᠠᠷ | ᠲᠤᠰᠠᠯᠠᠮᠵᠢ ᠭᠤᠶᠤᠴᠢᠯᠠᠵᠤ᠂ ᠤᠯᠤᠰ ᠠᠴᠠ ᠡᠭᠦᠰᠬᠡᠨ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠶᠢᠨ | ᠲᠤᠰᠠᠯᠠᠮᠵᠢ ᠦᠵᠡᠭᠦᠯᠬᠦ ᠰᠢᠰᠲ᠋ᠧᠮ᠂ ᠡᠭᠦᠨ ᠳᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠠᠵᠢᠯ ᠢᠶᠠᠷ ᠰᠤᠷᠤᠯᠭ᠎ᠠ ᠪᠠᠨ ᠲᠤᠰᠠᠯᠠᠬᠤ ᠵᠡᠷᠭᠡ ᠣᠯᠠᠨ | ᠵᠦᠢᠯ ᠤᠨ ᠲᠤᠰᠠᠯᠠᠮᠵᠢ ᠦᠵᠡᠭᠦᠯᠬᠦ ᠲᠥᠷᠥ ᠶᠢᠨ ᠪᠣᠳᠣᠯᠭ᠎ᠠ ᠨᠢ ᠰᠤᠷᠤᠭᠴᠢᠳ ᠤᠨ ᠰᠤᠷᠤᠯᠭ᠎ᠠ ᠪᠠᠨ ᠤᠷᠤᠭᠰᠢᠲᠠᠶ | ᠪᠡᠶᠡᠯᠡᠭᠦᠯᠬᠦ ᠶᠢ ᠬᠦᠴᠦᠲᠡᠶ ᠪᠠᠲᠤᠯᠠᠵᠤ ᠴᠢᠳᠠᠨ᠎ᠠ︔ ᠬᠡᠷᠪᠡ ᠬᠢᠴᠢᠶᠡᠮᠵᠢ ᠥᠬᠡᠶ ᠠᠴᠠ ᠪᠣᠯᠵᠣ ᠬᠠᠤᠯᠢ ᠪᠤᠰᠤ ︽ | ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾ ᠶᠢᠨ ᠤᠨᠠᠭᠤᠯᠢ ᠳᠤ ᠤᠨᠠᠭᠰᠠᠨ ᠪᠤᠯ᠂ ᠡᠷᠬᠡᠪᠰᠢ ᠵᠣᠭᠤᠰ ᠵᠢᠭᠡᠯᠡᠬᠰᠡᠨ | ᠭᠡᠷ᠎ᠡ᠂ ᠲᠠᠩᠰᠠ ᠰᠢᠯᠵᠢᠭᠦᠯᠦᠭᠰᠡᠨ ᠲᠡᠮᠳᠡᠭᠯᠡᠯ᠂ ᠦᠭᠴᠡᠭᠡ ᠨᠡᠬᠡᠮᠵᠢᠯᠡᠭᠰᠡᠨ ᠤᠬᠤᠷ ᠮᠡᠳᠡᠭᠡ ᠵᠡᠷᠭᠡ ᠬᠠᠮᠢᠶ᠎ᠠ ᠪᠥᠬᠦᠶ | ᠭᠡᠷᠡᠴᠢ ᠪᠠᠷᠢᠮᠲᠠ ᠶᠢ ᠦᠯᠡᠳᠡᠭᠡᠨ ᠬᠠᠳᠠᠭᠠᠯᠠᠬᠤ ᠶᠢᠨ ᠬᠠᠮᠲᠤ ᠲᠡᠷᠡ ᠳᠠᠷᠤᠶ ᠳᠤᠨᠢ ᠴᠠᠭᠳᠠᠭ᠎ᠠ ᠳᠤ ᠮᠡᠳᠡᠭᠦᠯᠵᠦ᠂ | ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠶ | ᠭᠡᠵᠦ ᠰᠠᠨᠠᠭᠤᠯᠪᠠ᠃ | | |