ᠳ᠋ᠥᠩ ᠾᠧ ᠶᠢᠨ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2025/6/17
         ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠣᠯᠪᠠᠰᠤᠨ ᠰᠢᠨ᠎ᠡ ᠬᠡᠪ ᠰᠤᠷᠲᠠᠯ ᠢ ᠪᠣᠢ ᠪᠣᠯᠭᠠᠬᠤ ᠶᠢᠨ ᠲᠥᠯᠥᠭᠡ᠂ 6 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠳ᠋ᠦᠩ ᠾᠧ ᠨᠡᠶᠢᠭᠡᠮ ᠲᠣᠭᠤᠷᠢᠭ ᠤᠨ ᠠᠵᠢᠯᠲᠠᠳ ᠬᠡᠪ ᠵᠠᠩᠰᠢᠯ ᠢ ᠥᠭᠡᠷᠡᠴᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠤᠨ ᠬᠡᠷ ᠢᠶᠠᠷ ᠭᠦᠨᠵᠡᠭᠡᠶᠢᠷᠡᠵᠦ᠂ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ︽ᠤᠷᠤᠭ ᠤᠨ ᠶᠠᠪᠤᠳᠠᠯ ᠢ ᠰᠢᠨ᠎ᠡ ᠮᠠᠶ᠋ᠢᠭ ᠢᠶᠠᠷ ᠥᠷᠨᠢᠭᠦᠯᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ︾ ᠵᠡᠷᠭᠡ ᠪᠣᠯᠪᠠᠰᠤᠨ ᠤ ᠣᠶᠢᠯᠠᠭᠠᠭᠳᠠᠬᠤᠨ ᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠬᠠᠭᠤᠴᠢᠨ ᠶᠣᠰᠣ ᠪᠦᠳᠦᠭᠦᠯᠢᠭ ᠳᠠᠳᠬᠠᠯ ᠢ ᠨᠢ ᠲᠠᠶᠠᠭᠳᠠᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠪᠠ᠃        ᠲᠣᠰ ᠤᠳᠠᠭᠠᠨ ᠤ ᠠᠵᠢᠯᠯᠠᠭ᠎ᠠ ᠶᠢ ᠰᠦᠯᠵᠢᠶᠡᠨ ᠳᠡᠭᠡᠷ᠎ᠡ ᠰᠠᠭᠤᠭᠠᠯᠢ ᠠᠷᠠᠳ ᠤᠨ ᠸᠢᠴᠠᠲ ᠤᠨ ᠬᠤᠯᠪᠤᠭ᠎ᠠ ᠪᠠᠷ ᠳᠠᠮᠵᠢᠨ ᠬᠡᠪ ᠵᠠᠩᠰᠢᠯ ᠢ ᠥᠭᠡᠷᠡᠴᠢᠯᠡᠬᠦ ᠤᠬᠠᠭᠤᠯᠭ᠎ᠠ ᠶᠢᠨ ᠹᠢᠯᠢᠮ᠂ ᠤᠬᠠᠭᠤᠯᠭ᠎ᠠ ᠶᠢᠨ ᠤᠷᠢᠶ᠎ᠠ ᠯᠣᠽᠦ᠋ᠩ ᠢ ᠲᠠᠷᠬᠠᠭᠠᠵᠤ᠂ ᠰᠦᠯᠵᠢᠶᠡᠨ ᠭᠠᠳᠠᠨ᠎ᠠ ᠰᠠᠭᠤᠭᠠᠯᠢ ᠠᠷᠠᠳ ᠤᠨ ᠬᠡᠷ ᠲᠤ ᠬᠦᠷᠴᠦ ᠰᠠᠭᠤᠭᠠᠯᠢ ᠠᠷᠠᠳ ᠲᠤ ᠤᠬᠠᠭᠤᠯᠭ᠎ᠠ ᠶᠢᠨ ᠠᠭᠤᠯᠭ᠎ᠠ ᠶᠢ ᠲᠠᠶᠢᠯᠪᠤᠷᠢᠯᠠᠨ ᠥᠭᠴᠦ᠂ 1000 ᠭᠠᠷᠤᠶ ᠣᠯᠠᠨ ᠲᠦᠮᠡᠨ ᠳᠤ ᠠᠰᠢᠭ ᠬᠦᠷᠲᠡᠭᠡᠪᠡ᠃ ᠰᠠᠭᠤᠭᠠᠯᠢ ᠠᠷᠠᠳ ᠤᠨ ᠬᠡᠪ ᠵᠠᠩᠰᠢᠯ ᠢ ᠥᠭᠡᠷᠡᠴᠢᠯᠡᠬᠦ ᠲᠤᠬᠠᠶ ᠲᠠᠨᠢᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠤ ᠪᠣᠯᠪᠠᠰᠤᠨ ᠢ ᠡᠭᠦᠳᠦᠨ ᠪᠠᠶᠢᠭᠤᠯᠬᠤ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠵᠦ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃        ᠳᠠᠷᠠᠭᠠᠴᠢ ᠶᠢᠨ ᠠᠯᠬᠤᠮ ᠳᠤ᠂ ᠳ᠋ᠦᠩ ᠾᠧ ᠨᠡᠶᠢᠭᠡᠮ ᠲᠣᠭᠤᠷᠢᠭ ᠤᠨ ᠬᠢᠨ ᠬᠡᠪ ᠵᠠᠩᠰᠢᠯ ᠢ ᠥᠭᠡᠷᠡᠴᠢᠯᠡᠬᠦ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰᠬᠠᠢ ᠰᠡᠳᠦᠪᠲᠦ ᠲᠠᠶᠢᠯᠤᠮᠵᠢ᠂ ᠤᠷᠠᠨ ᠰᠠᠶᠢᠬᠠᠨ ᠤ ᠲᠣᠭᠯᠠᠯᠲᠠ ᠵᠡᠷᠭᠡ ᠤᠯᠠᠨ ᠬᠡᠯᠪᠡᠷᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠨ ᠪᠣᠯᠪᠠᠰᠤᠨ ᠰᠢᠨ᠎ᠡ ᠰᠤᠷᠲᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠤᠷᠢᠮ ᠨᠠᠶᠢᠷ ᠪᠣᠶᠠᠨ ᠤ ᠶᠠᠪᠤᠳᠠᠯ ᠤᠨ ᠬᠡᠷᠡᠭ ᠡᠷᠬᠢᠯᠡᠭᠴᠢᠳ ᠤᠨ ᠬᠤᠷᠠᠯ ᠤᠨ ᠦᠢᠯᠡᠳᠦᠯ ᠢ ᠪᠠᠳᠠᠷᠠᠭᠤᠯᠤᠨ᠂ ᠡᠳᠦᠷ ᠲᠤᠲᠤᠮ ᠤᠨ ᠬᠢᠨᠠᠯᠲᠠ ᠲᠠᠯᠪᠢᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号