ᠢᠯᠠᠯᠲᠠ ᠪᠠᠯᠭᠠᠰᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠳᠠᠬᠢᠨᠲᠠ ᠪᠠᠶᠢᠷᠢᠯᠠᠭᠤᠯᠵᠤᠨ ᠠᠬᠢᠭᠤᠯᠪᠠ
ᠨᠡᠶᠢᠲᠡᠯᠡᠭᠰᠡᠨ ᠴᠠᠭ᠄
2025/6/17
        6 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠤᠲᠠ ᠶᠢᠨ ᠢᠯᠠᠯᠲᠠ ᠪᠠᠯᠭᠠᠰᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠳᠠᠬᠢᠨᠲᠠ ᠪᠠᠶᠢᠷᠢᠯᠠᠭᠤᠯᠤᠨ ᠠᠬᠢᠭᠤᠯᠪᠠ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠶᠠ ᠸᠧᠶ ᠬᠤᠷᠠᠯ ᠡᠷᠭᠢᠯᠡᠵᠦ ᠶᠠᠷᠢᠶ᠎ᠠ ᠲᠠᠯᠪᠢᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠭᠦᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠶ᠃        ᠬᠤᠷᠠᠯ ᠳᠡᠭᠡᠷ᠎ᠡ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠯ ᠢ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠳᠠᠬᠢᠨᠲᠠ ᠤᠯᠠᠮᠵᠢᠯᠠᠨ ᠰᠤᠷᠤᠯᠴᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ 7 ᠲᠠᠯ᠎ᠠ ᠶᠢᠨ ᠠᠭᠤᠯᠭ᠎ᠠ ᠳᠤ ᠨᠠᠷᠢᠨ ᠲᠠᠶᠢᠯᠤᠮᠵᠢ ᠬᠢᠬᠦ ᠶᠢᠨ ᠬᠠᠮᠲᠤ ︽ᠰᠤᠷᠤᠯᠴᠠᠯᠭ᠎ᠠ ᠬᠥᠮᠦᠵᠢᠯ ᠤᠨ ᠳᠤᠮᠳᠠ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠭᠡᠰᠢᠭᠦᠨ ᠺᠠᠳ᠋ᠷ ᠤᠨ ᠰᠤᠷᠲᠠᠯ ᠤᠨ ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃         ᠬᠤᠷᠠᠯ ᠠᠴᠠ᠂ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠨᠳᠦᠷᠴᠡ ᠠᠴᠠ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠤᠯᠤᠰ ᠲᠦᠷᠦ ᠶᠢᠨ ᠵᠣᠭᠰᠣᠴᠠ ᠪᠠᠨ ᠣᠯᠠᠮ ᠴᠢᠨᠠᠭᠰᠢᠳᠠ ᠳᠡᠭᠡᠭᠰᠢᠯᠡᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠲᠠᠯ᠎ᠠ ᠪᠠᠷ ᠬᠢ ᠬᠦᠨᠳᠦ ᠨᠣᠴᠢᠲᠠᠢ ᠤᠯᠤᠰ ᠲᠦᠷᠦ ᠶᠢᠨ ᠬᠤᠣᠷ ᠬᠥᠨᠥᠭᠡᠯ ᠢ ᠭᠦᠨᠵᠡᠭᠡᠢ ᠲᠣᠳᠣᠷᠬᠠᠢ ᠲᠠᠨᠢᠵᠤ᠂ ᠤᠬᠠᠮᠰᠠᠷ ᠠᠴᠠ ᠪᠠᠨ ︽ᠪᠠᠭ᠎ᠠ ᠶᠠᠪᠤᠳᠠᠯ ᠤᠨ ᠣᠨᠣᠯ︾ ᠵᠡᠷᠭᠡ ᠪᠤᠷᠤᠭᠤ ᠦᠵᠡᠯ ᠰᠠᠨᠠᠭ᠎ᠠ ᠲᠠᠢ ᠲᠡᠮᠡᠴᠡᠯ ᠬᠢᠵᠦ᠂ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ ᠢ ᠡᠷᠡᠰ ᠪᠠᠲᠤ ᠪᠤᠢ ᠪᠣᠯᠭᠠᠬᠤ ᠬᠡᠷᠡᠭᠲᠡᠢ᠃ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠪᠥᠬᠦ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠤᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠨᠠᠷᠢᠨ ᠬᠢᠨᠠᠮᠠᠭᠠᠶ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠱᠠᠭᠠᠷᠳᠠᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠵᠤ᠂ ᠬᠤᠷᠢᠭ᠎ᠠ ᠱᠤᠭᠤᠮ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠶ᠃ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠤᠳᠤᠷᠢᠳᠬᠤ ᠪᠠᠭ ᠤᠨ ᠭᠡᠰᠢᠭᠦᠨ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠭᠦᠢᠴᠡᠳᠬᠡᠵᠦ᠂ ᠡᠯ᠎ᠡ ᠭᠠᠴᠠᠭ᠎ᠠ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ ᠺᠠᠳ᠋ᠷᠴᠤᠳ ᠤᠨ ᠡᠳᠦᠷ ᠲᠤᠲᠤᠮ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃   
 
ᠢᠷᠡᠯᠲᠡ᠄ ᠢᠯᠠᠯᠲᠠ ᠶᠢᠨ ᠠᠯᠪᠠᠨ ᠨᠡᠶᠢᠲᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号