ᠬᠢᠩᠭᠠᠨ ᠠᠶᠢᠮᠠᠭ ᠤᠨ ᠠᠵᠤ ᠠᠬᠤᠶᠢᠯᠠᠯᠲᠠᠳ ᠢᠯᠠᠯᠲᠠ ᠪᠠᠯᠭᠠᠰᠤᠨ ᠳᠤ ᠬᠦᠷᠴᠦ ᠲᠠᠷᠢᠶᠠᠯᠠᠩ ᠰᠣᠶᠣᠯ ᠵᠢᠭᠤᠯᠴᠢᠯᠠᠯ ᠤᠨ ᠰᠣᠯᠢᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/17
       6 ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠸᠧᠨᠵᠸᠤ ᠶᠢᠨ ᠬᠤᠳᠠᠯᠳᠤᠭᠠᠴᠢᠳ ᠤᠨ ᠡᠪᠯᠡᠯ ᠤᠨ ᠢᠷᠠᠭᠤ ᠠᠯᠳᠠᠷᠲᠤ ᠨᠡᠶᠢᠭᠡᠮᠯᠢᠭ ᠤᠨ ᠳᠠᠷᠤᠭ᠎ᠠ ᠯᠢᠨ ᠶᠤᠸᠠᠨ ᠳ᠋ᠦᠢ᠂ ᠤᠯᠠᠭᠠᠨᠬᠤᠲᠠ ᠶᠢᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠥᠬᠦᠷᠯᠡᠯ ᠤᠨ ᠬᠤᠷᠠᠯ ᠤᠨ ᠳᠡᠳ᠋ ᠳᠠᠷᠤᠭ᠎ᠠ᠂ ᠬᠢᠩᠭᠠᠨ ᠠᠶᠢᠮᠠᠭ ᠤᠨ ᠵᠢᠶᠠᠩᠰᠢ ᠶᠢᠨ ᠬᠤᠳᠠᠯᠳᠤᠭᠠᠴᠢᠳ ᠤᠨ ᠡᠪᠯᠡᠯ ᠤᠨ ᠢᠷᠠᠭᠤ ᠠᠯᠳᠠᠲᠤ ᠨᠠᠷᠢᠨ ᠪᠢᠴᠢᠭ ᠤᠨ ᠳᠠᠷᠤᠭ᠎ᠠ᠂ ᠰᠢᠤᠸᠠᠢ ᠯᠢᠶᠠᠩ ᠨᠢᠳᠦᠨ ᠰᠢᠯ ᠤᠨ ᠳᠡᠯᠭᠡᠭᠦᠷ ᠤᠨ ᠶᠡᠷᠦᠩᠬᠡᠶ ᠳᠠᠭᠠᠭᠠᠮᠠᠯ ᠵᠦ ᠮᠢᠩ ᠰᠢ ᠤᠯᠠᠭᠠᠨᠬᠤᠲᠠ ᠶᠢᠨ ᠢᠯᠠᠯᠲᠠ ᠪᠠᠯᠭᠠᠰᠤᠨ ᠳᠤ ᠬᠦᠷᠴᠦ ᠪᠠᠯᠭᠠᠰᠤᠨ ᠤ ᠳᠣᠲᠣᠷᠠᠬᠢ ᠲᠠᠷᠢᠶᠠᠯᠠᠩ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠲᠤᠬᠠᠶ ᠰᠠᠨᠠᠯ ᠢᠶᠠᠨ ᠰᠣᠯᠢᠯᠴᠠᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠥᠩ ᠹᠸᠢ ᠲᠣᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠵᠤ᠂ ᠢᠯᠠᠯᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠶᠠ ᠸᠧᠶ ᠨᠠᠷᠢᠨ ᠲᠠᠶᠢᠯᠤᠮᠵᠢ ᠬᠢᠵᠦ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠰᠥᠩ ᠰᠢᠩ ᠬᠤᠸᠠ᠂ ᠱᠤᠸᠠᠩ ᠲᠧ ᠠᠮᠤ ᠪᠤᠳᠠᠭᠠᠨ ᠤ ᠦᠢᠯᠡᠰ ᠤᠨ ᠪᠦᠷᠢᠨ ᠪᠣᠰᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᠴᠢᠤᠸᠠᠨ ᠣᠷᠣᠯᠴᠠᠵᠠᠶ᠃       ᠯᠢᠨ ᠶᠤᠸᠠᠨ ᠳ᠋ᠦᠢ ᠨᠠᠷ ᠢᠯᠠᠯᠲᠠ ᠪᠠᠯᠭᠠᠰᠤᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠰᠢᠷᠢᠰ ᠹᠢᠯᠢᠮ ᠢ ᠦᠵᠡᠬᠦ ᠪᠠᠷ ᠳᠠᠮᠵᠢᠨ᠂ ᠢᠯᠠᠯᠲᠠ ᠪᠠᠯᠭᠠᠰᠤᠨ ᠤ ᠪᠦᠬᠦᠯᠢ ᠴᠣᠭᠴᠠ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠳᠦᠷᠰᠦ ᠪᠠᠶᠢᠳᠠᠯ ᠤᠨ ᠲᠤᠬᠠᠶ ᠠᠩᠬ᠎ᠠ ᠠᠯᠬᠤᠮ ᠤᠨ ᠲᠠᠨᠢᠯᠲᠠ ᠲᠠᠢ ᠪᠣᠯᠵᠠᠶ᠃ ᠳᠠᠷᠠᠭ᠎ᠠ ᠨᠢ᠂ ᠱᠦᠢ ᠵᠢᠩ ᠴᠡᠴᠡᠷᠯᠢᠭ᠂ ᠢ ᠹᠠᠩ ᠢᠳᠡᠭᠡᠨ ᠤᠮᠳᠠᠭᠠᠨ ᠤ ᠠᠷᠠᠳ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠴᠣᠭᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ - ᠲᠣᠭᠤᠰ ᠤᠨ ᠬᠦᠷᠢᠶᠡᠯᠡᠩ᠂ ᠶᠤᠸᠠᠨ ᠹᠠᠩ ᠲᠢᠩ ᠶᠤᠸᠠᠨ ᠠᠷᠠᠳ ᠤᠨ ᠪᠠᠭᠤᠳᠠᠯ᠂ ᠠᠶᠢᠯ ᠤᠨ ᠭᠤᠤᠯ ᠵᠡᠷᠭᠡ ᠤᠨᠴᠠᠯᠢᠬᠳᠤ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃       ᠣᠶᠢᠷ᠎ᠠ ᠶᠢᠨ ᠵᠢᠯ ᠳᠤ᠂ ᠢᠯᠠᠯᠲᠠ ᠪᠠᠯᠭᠠᠰᠤ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠣᠯᠤᠨ ᠣᠨᠴᠠᠯᠢᠭᠲᠤ ᠲᠥᠷᠥᠯ ᠵᠦᠢᠯ ᠳᠡᠭᠡᠨ ᠲᠦᠰᠢᠭᠯᠡᠨ᠂ ᠵᠢᠭᠤᠯᠴᠢᠯᠠᠭᠰᠠᠳ ᠤᠨ ᠪᠠᠭ᠋ᠠᠷᠬᠠᠯ ᠢ ᠲᠠᠲᠠᠭᠰᠠᠨ ᠦᠵᠡᠮᠦᠷᠢ ᠶᠢᠨ ᠭᠠᠵᠠᠷ ᠪᠣᠯᠤᠭᠰᠠᠨ ᠢᠶᠠᠷ ᠪᠠᠷᠠᠬᠤ ᠥᠬᠡᠶ ᠪᠠᠰᠠ ᠬᠠᠮᠢᠶ᠎ᠠ ᠪᠥᠬᠦᠶ ᠠᠵᠤ ᠤᠶᠢᠯᠡᠰ ᠢ ᠬᠥᠭᠵᠢᠭᠦᠯᠬᠦ ᠪᠠᠷ ᠳᠠᠮᠵᠢᠨ ᠡᠷᠬᠢᠨ ᠲᠣᠭᠤᠷᠢᠨ ᠤ ᠭᠠᠴᠠᠭ᠎ᠠ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠪᠠ᠃ ᠲᠣᠭᠤᠷᠢᠨ ᠦᠵᠡᠬᠦ ᠶᠠᠪᠤᠴᠠ ᠳᠤ᠂ ᠡᠯ᠎ᠡ ᠲᠠᠯ᠎ᠠ ᠶᠢᠨ ᠬᠢᠨ ᠢᠯᠠᠯᠲᠠ ᠪᠠᠯᠭᠠᠰᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠪᠣᠯᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠭᠦᠨᠵᠡᠭᠡᠢ ᠶᠠᠷᠢᠯᠴᠠᠪᠠ᠃        ᠢᠯᠠᠯᠲᠠ ᠪᠠᠯᠭᠠᠰᠤ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠪᠠᠲᠤᠲᠠᠶ ᠥᠷᠨᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠠᠬᠢᠭᠤᠯᠤᠨ᠎ᠠ᠃ ᠣᠳᠣᠬᠠᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠬᠢᠭᠡᠳ ᠢᠷᠡᠭᠡᠳᠦᠶ ᠶᠢᠨ ᠲᠥᠯᠥᠪᠵᠢᠭᠦᠯᠭᠡ ᠳᠤ ᠰᠠᠭᠤᠷᠢᠯᠠᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠦᠨ᠎ᠡ᠃ ᠣᠯᠠᠨ ᠲᠠᠯ᠎ᠠ ᠶᠢᠨ ᠬᠢᠨ ᠭᠠᠷ ᠬᠤᠯᠪᠣᠯᠴᠠᠵᠤ᠂ ᠢᠯᠠᠯᠲᠠ  ᠶᠢᠨ ︽ᠬᠥᠬᠡᠮᠳᠦᠭ ᠨᠣᠭᠤᠭᠠᠨ ᠠᠭᠤᠯᠠ ᠤᠰᠤ︾ ᠶᠢ ︽ᠠᠯᠲᠠ ᠮᠥᠩᠭᠦᠨ ᠠᠭᠤᠯᠠ︾ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠶ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢᠶᠠᠷ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠵᠤ᠂ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠰᠣᠯᠢᠯᠴᠠᠭ᠎ᠠ ᠪᠠᠷ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠬᠥᠭᠦᠷᠭᠡ ᠶᠢ ᠲᠠᠯᠪᠢᠵᠤ᠂ ᠢᠯᠠᠯᠲᠠ ᠪᠠᠯᠭᠠᠰᠤᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠰᠡᠳᠬᠢᠴᠡ ᠶᠢ ᠣᠷᠣᠭᠤᠯᠤᠨ ᠠᠪᠴᠢᠷᠠᠵᠤ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ 
 
ᠢᠷᠡᠯᠲᠡ᠄ ᠢᠯᠠᠯᠲᠠ ᠶᠢᠨ ᠠᠯᠪᠠᠨ ᠨᠡᠶᠢᠲᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号