| ᠪᠥᠬᠦ ᠬᠤᠲᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠪᠠ ᠣᠨ ᠤ ᠲᠣᠯᠢ ᠨᠠᠶᠢᠷᠠᠭᠤᠯᠬᠤ ᠠᠵᠢᠯ ᠤᠨ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ | ᠲᠠᠩᠰᠠ ᠡᠪᠬᠡᠮᠡᠯ ᠤᠨ ᠲᠣᠪᠴᠢᠶ᠎ᠠ᠂ ᠤᠯᠠᠭᠠᠨᠬᠤᠲᠠ ᠶᠢᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ | ᠬᠠᠮᠲᠤᠷᠠᠨ 2025 ᠣᠨ ᠤ ᠪᠥᠬᠦ ᠬᠤᠲᠠ ᠶᠢᠨ ᠲᠠᠩᠰᠠ ᠡᠪᠬᠡᠮᠡᠯ ᠤᠨ ᠲᠤᠰᠬᠠᠶ ᠲᠤᠰᠢᠶᠠᠯᠲᠠᠨ ᠪᠠ ᠣᠨ ᠤ ᠲᠣᠯᠢ | ᠨᠠᠶᠢᠷᠠᠭᠤᠯᠬᠤ ᠠᠵᠢᠯᠲᠠᠨ ᠤ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠬᠤᠲᠠ ᠶᠢᠨ 84 ᠨᠢᠭᠡᠴᠢ ᠶᠢᠨ 200 | ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ | | | | | ᠪᠣᠯᠪᠠᠰᠤᠷᠠᠯ ᠤᠨ ᠲᠤᠬᠠᠶ ᠶᠢᠨ ᠲᠠᠯᠠᠪᠠᠢ ᠳᠤ᠂ ᠬᠠᠮᠢᠶ᠎ᠠ ᠪᠥᠬᠦᠶ ᠠᠵᠢᠯ ᠤᠨ ᠬᠠᠷᠢᠭᠤᠴᠠᠯᠭᠠᠲᠠᠨ ᠲᠠᠩᠰᠠ | ᠡᠪᠬᠡᠮᠡᠯ ᠪᠠ ᠣᠨ ᠤ ᠲᠣᠯᠢ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠭᠰᠠᠨ ᠪᠥᠭᠡᠳ | ᠪᠣᠯᠪᠠᠰᠤᠷᠠᠯ ᠳᠤ ᠱᠠᠭᠠᠷᠳᠠᠯᠭ᠎ᠠ ᠳᠤᠷᠠᠳᠴᠤ᠂ ᠪᠣᠯᠪᠠᠰᠤᠷᠠᠯ ᠤᠨ ᠬᠢᠴᠢᠶᠡᠯ ᠳᠡᠭᠡᠷ᠎ᠡ᠂ ᠪᠠᠭᠰᠢ ᠨᠠᠷ ᠠᠴᠠ ᠬᠡᠷᠡᠭ ᠤᠨ | ᠵᠢᠱᠢᠶ᠎ᠡ ᠶᠢ ᠵᠠᠳᠠᠯᠬᠤ᠂ ᠸᠢᠳᠢᠤ᠋ ᠪᠠᠷ ᠦᠵᠡᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠠᠩᠰᠠ ᠡᠪᠬᠡᠮᠡᠯ ᠪᠠ | ᠣᠨ ᠤ ᠲᠤᠯᠢ ᠶᠢᠨ ᠬᠠᠮᠢᠶ᠎ᠠ ᠪᠥᠬᠦᠶ ᠮᠡᠳᠡᠯᠭᠡ ᠶᠢ ᠨᠠᠷᠢᠨ ᠨᠢᠮᠪᠠᠶ ᠲᠠᠶᠢᠯᠪᠤᠷᠢᠯᠠᠪᠠ᠃ ᠲᠠᠶᠢᠰᠠᠨ ᠳᠣᠣᠷᠠᠬᠢ | ᠰᠤᠷᠤᠭᠴᠢᠳ ᠪᠦᠬᠦ ᠠᠩᠬᠠᠷᠤᠯ ᠢᠶᠠᠨ ᠲᠥᠪᠯᠡᠷᠡᠭᠦᠯᠦᠨ ᠪᠠᠭᠰᠢ ᠶᠢᠨ ᠲᠠᠶᠢᠯᠤᠮᠵᠢ ᠶᠢ ᠰᠣᠨᠣᠰᠬᠤ ᠶᠢᠨ ᠬᠠᠮᠲᠤ | ᠭᠤᠣᠯᠳᠠᠯᠭ᠎ᠠ ᠲᠠᠢ ᠬᠡᠰᠡᠭ ᠢ ᠨᠠᠷᠢᠨ ᠨᠢᠮᠪᠠᠢ ᠲᠡᠮᠳᠡᠭᠯᠡᠵᠦ᠂ ᠬᠢᠴᠢᠶᠡᠯ ᠤᠨ ᠳᠠᠷᠠᠭ᠎ᠠ ᠣᠶᠢᠯᠠᠭᠠᠬᠤ ᠪᠠ ᠡᠵᠡᠮᠰᠢᠬᠦ ᠳᠤ | ᠲᠦᠬᠦᠮ ᠪᠣᠯᠭᠠᠵᠠᠢ᠃ | ︽ᠲᠣᠰ ᠤᠳᠠᠭᠠᠨ ᠤ ᠪᠣᠯᠪᠠᠰᠤᠷᠠᠯ ᠨᠢ ᠨᠠᠳᠠ ᠳᠤ ᠲᠠᠩᠰᠠ ᠡᠪᠬᠡᠮᠡᠯ ᠤᠨ ᠲᠥᠷᠥᠯ ᠬᠤᠪᠢᠶᠠᠬᠤ ᠤᠷ᠎ᠠ | ᠮᠡᠷᠭᠡᠵᠢᠯ ᠢ ᠡᠵᠡᠮᠰᠢᠭᠦᠯᠵᠦ᠂ ᠲᠠᠩᠰᠠ ᠡᠪᠬᠡᠮᠡᠯ ᠤᠨ ᠠᠵᠢᠯ ᠤᠨ ᠠᠷᠤ ᠳᠠᠬᠢ ᠴᠢᠩᠭ᠎ᠠ ᠨᠢᠮᠪᠠᠶ ᠪᠠ ᠬᠠᠷᠢᠭᠤᠴᠠᠯᠭ᠎ᠠ ᠶᠢ | ᠭᠦᠨᠵᠡᠭᠡᠶ ᠣᠶᠢᠯᠠᠭᠠᠵᠠᠢ᠂ ᠪᠢ ᠰᠣᠷᠣᠭᠰᠠᠨ ᠮᠡᠳᠡᠯᠭᠡ ᠪᠠᠨ ᠡᠳᠦᠷ ᠲᠤᠲᠤᠮ ᠤᠨ ᠠᠵᠢᠯ ᠳᠠᠭᠠᠨ ᠠᠭᠤᠰᠬᠠᠵᠤ᠂ | ᠲᠠᠩᠰᠠ ᠡᠪᠬᠡᠮᠡᠯ ᠨᠢᠭᠡᠪᠦᠷᠢ ᠶᠢ ᠵᠢᠷᠤᠮᠵᠢᠭᠰᠠᠨ ᠬᠠᠮᠢᠶᠠᠷᠤᠯᠲᠠ ᠶᠢᠨ ᠳᠤᠮᠳᠠ ᠬᠠᠮᠤᠭ ᠤᠨ ᠶᠡᠭᠡ ᠦᠨ᠎ᠡ ᠥᠷᠲᠡᠭ | ᠭᠠᠷᠭᠠᠯᠭᠠᠨ᠎ᠠ︾ ᠭᠡᠵᠦ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠵᠠᠰᠠᠭ ᠤᠨ ᠣᠷᠳᠣᠨ ᠤ ᠲᠠᠩᠰᠠ | ᠡᠪᠬᠡᠮᠡᠯ ᠤᠨ ᠠᠵᠢᠯᠲᠠᠨ ᠹᠠᠨ ᠢᠦᠶ ᠵᠢᠶᠧ ᠬᠡᠯᠡᠪᠡ᠃ | | | | | ᠲᠣᠰ ᠤᠳᠠᠭᠠᠨ ᠤ ᠪᠣᠯᠪᠠᠰᠤᠷᠠᠯ ᠳᠤ ︽ᠳᠤᠮᠳᠠᠳᠤ ᠶᠢᠨ ᠰᠣᠶᠣᠯ ᠤᠨ ᠲᠤᠬᠠᠶ ᠲᠠᠨᠢᠯᠲᠠ ᠶᠢ ᠪᠠᠲᠤᠳᠬᠠᠵᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾᠂ ︽ᠪᠢᠴᠢᠭ | ᠬᠠᠷ᠎ᠠ ᠶᠢᠨ ᠲᠠᠩᠰᠠ ᠡᠪᠬᠡᠮᠡᠯ ᠢ ᠡᠮᠬᠢᠯᠡᠬᠦ︾ ᠵᠡᠷᠭᠡ ᠠᠭᠤᠯᠭ᠎ᠠ ᠶᠢ ᠬᠠᠮᠤᠷᠴᠤ᠂ ᠭᠤᠤᠯᠳᠠᠯᠭ᠎ᠠ ᠲᠠᠢ ᠡᠭᠦᠷᠭᠡ ᠶᠢᠨ | ᠲᠣᠭᠤᠷᠢᠨ ᠳᠤ᠂ ᠤᠯᠤᠰ ᠲᠥᠷᠥ ᠪᠠᠷ ᠬᠥᠲᠥᠯᠦᠨ ᠳᠠᠭᠠᠭᠤᠯᠬᠤ᠂ ᠡᠩᠨᠡᠭᠡ ᠶᠢᠨ ᠪᠠᠶᠢᠭᠤᠯᠤᠯᠲᠠ ᠵᠡᠷᠭᠡ ᠣᠯᠠᠨ | ᠲᠠᠯ᠎ᠠ ᠠᠴᠠ ᠲᠠᠩᠰᠠ ᠡᠪᠬᠡᠮᠡᠯ ᠪᠠ ᠣᠨ ᠤ ᠲᠣᠯᠢ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠲᠠᠩᠰᠠ ᠡᠪᠬᠡᠮᠡᠯ ᠤᠨ ᠲᠤᠰᠬᠠᠶ ᠲᠤᠰᠢᠶᠠᠯᠲᠠᠨ ᠪᠠ ᠣᠨ ᠤ | ᠲᠣᠯᠢ ᠨᠠᠶᠢᠷᠠᠭᠤᠯᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠲᠠᠩᠰᠠ ᠡᠪᠬᠡᠮᠡᠯ ᠪᠠ ᠣᠨ ᠤ ᠲᠣᠯᠢ ᠶᠢᠨ ᠠᠵᠢᠯ ᠤᠨ ᠪᠥᠬᠦ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠨᠠᠩ | ᠰᠠᠶᠢᠲᠤᠷ ᠦᠢᠯᠡᠴᠢᠯᠡᠬᠦ ᠳᠤ ᠬᠦᠴᠦᠨ ᠨᠡᠮᠡᠷᠢᠯᠡᠪᠡ᠃ | ︽ᠵᠠᠯᠭᠠᠭᠠᠳ ᠪᠢᠳᠡ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠰᠣᠯᠢᠯᠴᠠᠭᠠᠨ ᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷᠡᠬᠢ ᠰᠤᠷᠤᠯᠴᠠᠬᠤ ᠲᠠᠪᠴᠠᠩ ᠢ ᠪᠠᠶᠢᠭᠤᠯᠵᠤ᠂ | ᠲᠤᠷᠰᠢᠯᠭ᠎ᠠ ᠪᠠ ᠮᠠᠲ᠋ᠧᠷᠢᠶᠠᠯ ᠢ ᠬᠤᠪᠢᠶᠠᠯᠴᠠᠨ ᠡᠳ᠋ᠯᠡᠬᠦ ᠶᠢᠨ ᠬᠠᠮᠲᠤ ᠲᠡᠷᠢᠭᠦᠨ ᠤ ᠠᠵᠢᠯ ᠤᠨ ᠦᠷ᠎ᠡ ᠪᠦᠲᠦᠭᠡᠯ ᠢ | ᠳᠡᠯᠭᠡᠷᠡᠭᠦᠯᠵᠦ᠂ ᠪᠦᠬᠦ ᠬᠤᠲᠠ ᠶᠢᠨ ᠳᠠᠩᠰᠠ ᠡᠪᠬᠡᠮᠡᠯ ᠪᠠ ᠣᠨ ᠤ ᠲᠣᠯᠢ ᠶᠢᠨ ᠠᠵᠢᠯ ᠤᠨ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ︾ ᠭᠡᠵᠦ ᠤᠯᠠᠭᠠᠨᠬᠤᠲᠠ ᠶᠢᠨ ᠲᠠᠩᠰᠠ ᠡᠪᠬᠡᠮᠡᠯ ᠲᠡᠤᠬᠡ | ᠣᠶᠢᠯᠠᠯᠭ᠎ᠠ ᠶᠢᠨ ᠣᠷᠳᠣᠨ ᠤ ᠨᠠᠮ ᠤᠨ ᠡᠭᠦᠷ ᠤᠨ ᠱᠦᠵᠢ᠂ ᠣᠷᠳᠣᠨ ᠤ ᠳᠠᠷᠤᠭ᠎ᠠ ᠯᠢ ᠬᠠᠨ ᠹᠧᠩ ᠬᠡᠯᠡᠪᠡ᠃ | |