| | 2025 ᠣᠨ ᠤ 6 ᠰᠠᠷ᠎ᠠ ᠪᠣᠯ ᠪᠦᠬᠦ ᠤᠯᠤᠰ ᠤᠨ 24 ᠳ᠋ᠦ᠋ᠭᠡᠷ ᠠᠶᠤᠯᠭᠦᠢ ᠦᠢᠯᠡᠳᠪᠦᠷᠢᠯᠡᠯ ᠤᠨ ᠰᠠᠷ᠎ᠠ | ᠪᠣᠯᠤᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ | ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠤᠬᠠᠭᠤᠯᠤᠨ | ᠲᠤᠭᠤᠰᠢᠯᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ | ᠴᠢᠨᠠᠭᠰᠢᠳᠠ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠠᠭᠤᠷ ᠠᠮᠢᠰᠬᠤᠯ ᠢ ᠪᠤᠢ ᠪᠣᠯᠭᠠᠬᠤ ᠶᠢᠨ | ᠲᠥᠯᠥᠭᠡ᠂ 6 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠤᠲᠠ ᠶᠢᠨ ᠬᠢᠩᠭᠠᠨ ᠵᠡᠭᠡᠯᠢ ᠶᠢᠨ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠯᠪᠠᠨ ᠭᠡᠷ ᠬᠤᠸᠠ ᠷᠦᠩ ᠨᠡᠶᠢᠭᠡᠮ ᠲᠣᠭᠤᠷᠢᠭ ᠲᠤ ︽ | ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠶ᠎ᠠ - | ᠳᠡᠷᠭᠡᠳᠡᠬᠢ ᠠᠮᠤᠷ ᠲᠦᠪᠰᠢᠨ ᠤ ᠭᠡᠮ ᠰᠣᠭᠤᠭ ᠢ ᠡᠷᠢᠬᠦ︾ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠵᠡᠭᠡᠯᠢ ᠪᠠ ᠨᠡᠶᠢᠭᠡᠮ ᠲᠣᠭᠤᠷᠢᠭ ᠤᠨ ᠠᠵᠢᠯᠲᠠᠳ ᠠᠰᠠᠭᠤᠨ | ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ | ᠳᠠᠮᠵᠢᠨ ᠨᠠᠭᠠᠰᠢ ᠴᠠᠭᠠᠰᠢ ᠥᠩᠭᠡᠷᠡᠬᠦ ᠰᠠᠭᠤᠭᠠᠯᠢ ᠠᠷᠠᠳ ᠲᠤ ᠡᠯ᠎ᠡ ᠵᠦᠢᠯ ᠤᠨ ᠠᠮᠤᠷ ᠲᠦᠪᠰᠢᠨ ᠤ ᠮᠡᠳᠡᠯᠭᠡ ᠶᠢ | ᠥᠷᠭᠡᠨ ᠢᠶᠠᠷ ᠤᠬᠠᠭᠤᠯᠪᠠ᠃ ᠤᠬᠠᠭᠤᠯᠭ᠎ᠠ ᠶᠢᠨ ᠠᠭᠤᠯᠭ᠎ᠠ ᠨᠢ ᠪᠦᠬᠦ ᠲᠠᠯ᠎ᠠ ᠶᠢᠨ ᠪᠥᠭᠡᠳ ᠪᠠᠶᠠᠯᠢᠭ ᠪᠠᠶᠢᠵᠤ᠂ | ᠡᠳᠦᠷ ᠲᠤᠲᠤᠮ ᠤᠨ ᠠᠮᠢᠳᠤᠷᠠᠯ ᠳᠤᠮᠳᠠᠬᠢ ᠭᠠᠯ ᠬᠡᠷᠡᠭᠯᠡᠬᠦ᠂ ᠬᠡᠢ ᠬᠡᠷᠡᠭᠯᠡᠬᠦ᠂ ᠴᠠᠬᠢᠯᠭᠠᠨ ᠬᠡᠷᠡᠭᠯᠡᠬᠦ ᠠᠮᠤᠷ | ᠲᠦᠪᠰᠢᠨ ᠠᠴᠠ ᠭᠡᠨᠡᠳᠲᠡ ᠶᠢᠨ ᠡ᠊ᠡᠳᠡᠯ ᠭᠠᠷᠬᠤ ᠦᠶ᠎ᠡ ᠶᠢᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ | ᠠᠷᠭ᠎ᠠ ᠶᠢ ᠣᠯᠠᠨ ᠳᠡᠰ ᠳᠠᠪᠬᠤᠷᠭ᠎ᠠ᠂ ᠣᠯᠠᠨ ᠲᠠᠯ᠎ᠠ ᠠᠴᠠ ᠣᠯᠠᠨ ᠲᠦᠮᠡᠨ ᠳᠤ ᠤᠬᠠᠭᠤᠯᠤᠨ ᠲᠠᠶᠢᠯᠪᠤᠷᠢᠯᠠᠵᠤ᠂ ︽ | ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠠᠢ᠃ | ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠮᠡᠳᠡᠯᠭᠡ ᠶᠢ ᠲᠠᠶᠢᠯᠪᠤᠷᠢᠯᠠᠬᠤ ᠭᠤᠭᠴᠤᠭ᠎ᠠ ᠳᠤ᠂ | ᠠᠵᠢᠯᠲᠠᠳ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠰᠠᠭᠤᠭᠠᠯᠢ ᠠᠷᠠᠳ ᠲᠤ ᠭᠡᠷ ᠪᠦᠯᠢ ᠪᠣᠯᠤᠨ | ᠣᠯᠠᠨ ᠨᠡᠶᠢᠲᠡ ᠶᠢᠨ ᠲᠠᠯᠠᠪᠤᠷ ᠲᠤ ᠦᠷᠭᠦᠯᠵᠢ ᠲᠣᠬᠢᠶᠠᠯᠳᠤᠬᠤ ᠠᠮᠤᠷ ᠲᠦᠪᠰᠢᠨ ᠤ ᠳᠠᠯᠳᠠ ᠭᠡᠮ ᠢ ᠲᠠᠨᠢᠯᠴᠠᠭᠤᠯᠪᠠ | ᠂ ᠵᠢᠱᠢᠶᠡᠯᠡᠪᠡᠯ ᠴᠠᠬᠢᠯᠭᠠᠨ ᠤᠲᠠᠰᠤ ᠬᠠᠭᠤᠴᠢᠷᠠᠬᠤ᠂ ᠴᠠᠬᠢᠯᠭᠠᠨ ᠬᠡᠷᠡᠭᠰᠡᠯ ᠬᠡᠮᠵᠢᠶᠡᠨ ᠠᠴᠠ ᠪᠠᠨ ᠬᠡᠲᠦᠷᠡᠬᠦ᠂ ᠭᠠᠯ | ᠤᠨᠲᠠᠷᠠᠭᠠᠬᠤ ᠵᠠᠮ ᠢ ᠪᠥᠭᠯᠡᠬᠦ ᠵᠡᠷᠭᠡ᠃ ᠡᠭᠦᠨ ᠤ ᠬᠠᠮᠲᠤ ᠡᠳᠦᠷ ᠲᠤᠲᠤᠮ ᠤᠨ ᠠᠮᠤᠷ ᠲᠦᠪᠰᠢᠨ ᠤ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠶᠢ ᠬᠡᠷᠬᠢᠨ ᠥᠷᠨᠢᠭᠦᠯᠬᠦ ᠵᠢᠴᠢ ᠳᠠᠯᠳᠠ ᠬᠡᠮ ᠢ ᠣᠯᠵᠤ ᠮᠡᠳᠡᠭᠰᠡᠨ ᠤ ᠳᠠᠷᠠᠭ᠎ᠠ ᠬᠡᠷᠬᠢᠨ | ᠠᠷᠭᠠᠴᠠᠭᠠᠬᠤ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠵᠡᠶ᠃ ᠰᠠᠭᠤᠭᠠᠯᠢ ᠠᠷᠠᠳ ᠨᠠᠷᠢᠨ ᠬᠢᠨᠠᠮᠠᠭᠠᠢ | ᠰᠣᠨᠣᠰᠴᠤ᠂ ᠪᠠᠶᠢᠨ ᠪᠠᠶᠢᠨ ᠠᠰᠠᠭᠤᠯᠲᠠ ᠳᠤᠷᠠᠳᠴᠤ᠂ ᠠᠵᠢᠯᠲᠠᠳ ᠲᠠᠢ ᠰᠠᠨᠠᠯ ᠢᠶᠠᠨ ᠰᠣᠯᠢᠯᠴᠠᠵᠤ᠂ ᠲᠤᠬᠠᠢ ᠶᠢᠨ | ᠲᠠᠯᠠᠪᠠᠢ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ | | | | | ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠠᠵᠢᠯᠲᠠᠳ ᠪᠠᠰᠠ ᠬᠠᠤᠯᠢ ᠶᠢ ᠭᠡᠷ ᠲᠤᠨᠢ ᠬᠦᠷᠭᠡᠵᠦ᠂ | ᠡᠵᠡᠩᠨᠡᠯᠲᠡ ᠶᠢᠨ ᠭᠠᠵᠠᠷ ᠤᠨ ᠬᠠᠷᠢᠭᠤᠴᠠᠯᠭᠠᠲᠠᠨ ᠳᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠵᠢᠴᠢ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠲᠠᠯ᠎ᠠ ᠶᠢᠨ ᠮᠡᠳᠡᠯᠭᠡ ᠶᠢ | ᠲᠠᠶᠢᠯᠪᠤᠷᠢᠯᠠᠵᠤ᠂ ᠢᠳᠡᠭᠡᠨ ᠤᠮᠳᠠᠭᠠᠨ᠂ ᠵᠢᠰᠦ ᠭᠤᠶᠣᠯᠠᠬᠤ ᠭᠠᠵᠠᠷ᠂ ᠪᠡᠶ᠎ᠡ ᠤᠬᠢᠶᠠᠬᠤ ᠭᠠᠵᠠᠷ᠂ ᠪᠠᠭᠤᠳᠠᠯ ᠵᠡᠷᠭᠡ | ᠭᠤᠣᠯᠳᠠᠯᠭ᠎ᠠ ᠲᠠᠢ ᠲᠠᠯᠠᠪᠤᠷ ᠲᠤ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠤᠬᠠᠭᠤᠯᠭ᠎ᠠ ᠶᠢᠨ ᠵᠠᠷᠯᠠᠯ ᠨᠠᠭᠠᠪᠠ᠃ | | | | | ᠲᠣᠰ ᠤᠳᠠᠭᠠᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠨᠢ | ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠪᠠ | ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠠᠷᠢᠶ᠎ᠠ ᠣᠷᠣᠨ ᠤ ᠠᠮᠤᠷ | ᠲᠦᠪᠰᠢᠨ ᠲᠣᠭᠲᠠᠭᠤᠨ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠲᠠᠷᠠᠭᠠᠴᠢ ᠶᠢᠨ ᠠᠯᠬᠤᠮ ᠳᠤ᠂ ᠬᠢᠩᠭᠠᠨ | ᠵᠡᠭᠡᠯᠢ ᠡᠯ᠎ᠡ ᠲᠥᠷᠥᠯ ᠤᠨ ᠠᠮᠤᠷ ᠲᠦᠪᠰᠢᠨ ᠤ ᠤᠬᠠᠭᠤᠯᠭ᠎ᠠ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ | ᠰᠡᠷᠭᠡᠶᠢᠯᠡᠬᠦ ᠪᠠᠷ ᠭᠤᠤᠯ ᠪᠣᠯᠭᠠᠬᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ | ᠬᠠᠷᠢᠶ᠎ᠠ ᠣᠷᠣᠨ ᠤ ᠰᠠᠭᠤᠭᠠᠯᠢ ᠠᠷᠠᠳ ᠲᠤ ᠠᠮᠤᠷ ᠲᠦᠪᠰᠢᠨ᠂ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ | ᠲᠣᠭᠤᠷᠢᠨ ᠢ ᠪᠣᠶ ᠪᠣᠯᠭᠠᠵᠤ ᠥᠭᠭᠦᠨ᠎ᠡ᠃ | | | | |