ᠤᠯᠤᠰ ᠤᠨ ᠳᠣᠲᠣᠭᠠᠳᠤ ᠶᠢᠨ ᠮᠡᠳᠡᠷᠡᠯ ᠤᠨ ᠭᠠᠳᠠᠷ ᠰᠠᠯᠠᠭᠠᠨ ᠤ ᠲᠤᠰᠬᠠᠶ ᠮᠡᠷᠭᠡᠵᠢᠯᠲᠡᠨ ᠤ ᠪᠦᠯᠬᠦᠮ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠴᠤᠭᠯᠠᠷᠠᠨ ᠲᠣᠮᠣ ᠬᠡᠯᠪᠡᠷᠢ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/19
        6 ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠤᠯᠤᠰ ᠤᠨ ᠳᠣᠲᠣᠭᠠᠳᠤ ᠶᠢᠨ ᠲᠡᠷᠢᠭᠦᠨ ᠳᠡᠰ ᠤᠨ ᠮᠡᠳᠡᠷᠡᠯ ᠤᠨ ᠭᠠᠳᠠᠷ ᠰᠠᠯᠠᠭᠠᠨ ᠤ ᠲᠤᠰᠬᠠᠢ ᠮᠡᠷᠭᠡᠵᠢᠯᠲᠡᠨ ᠤ ᠪᠦᠯᠬᠦᠮ ᠢ ᠤᠷᠢᠵᠤ᠂ ᠲᠣᠮᠣ ᠬᠡᠯᠪᠡᠷᠢ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃        ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠪᠦᠯᠬᠦᠮ ᠤᠨ ᠭᠡᠰᠢᠬᠦᠳ ᠨᠢ ᠴᠥᠮ ᠤᠯᠤᠰ ᠤᠨ ᠳᠤᠳᠤᠭᠠᠳᠦ ᠶᠢᠨ ᠮᠡᠳᠡᠷᠡᠯ ᠤᠨ ᠭᠠᠳᠠᠷ ᠰᠠᠯᠠᠭᠠᠨ ᠤ ᠠᠵᠢᠯ ᠲᠥᠷᠥᠯ ᠤᠨ ᠳᠤᠯᠤᠭᠠᠶᠢᠯᠠᠬᠴᠢ ᠳᠠᠭᠠᠭᠤᠯᠤᠭᠴᠢ ᠪᠤᠯᠬᠤ ᠶᠤᠮ᠃ ᠳᠤᠰ ᠪᠦᠯᠬᠦᠮ ᠨᠢ᠂ ᠤᠯᠤᠰ ᠤᠨ ᠮᠡᠳᠡᠷᠡᠯ ᠤᠨ ᠭᠠᠳᠠᠷ ᠰᠠᠯᠠᠭᠠᠨ ᠤ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠬᠠᠷᠢᠭᠤᠴᠠᠯᠭᠠᠲᠠᠨ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠮᠡᠳᠡᠷᠡᠯ ᠤᠨ ᠭᠠᠳᠠᠷ ᠰᠠᠯᠠᠭᠠᠨ ᠤ ᠮᠡᠷᠭᠡᠵᠢᠯᠲᠡᠨ᠂ ᠴᠢᠩᠬᠤᠸᠠ ᠶᠡᠭᠡ ᠰᠤᠷᠭᠠᠭᠤᠯᠢ ᠶᠢᠨ ᠬᠠᠷᠢᠶᠠᠳᠤ ᠡᠮᠨᠡᠯᠬᠡ ᠶᠢᠨ ᠬᠤᠷᠢᠶᠠᠨ ᠤ ᠮᠡᠳᠡᠷᠡᠯ ᠤᠨ ᠭᠠᠳᠠᠷ ᠰᠠᠯᠠᠭᠠᠨ ᠤ ᠫᠷᠤᠹᠧᠰᠰᠤᠷ ᠵᠡᠷᠭᠡ ᠶᠢᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠪᠠᠶᠢᠨ᠎ᠠ᠂ ᠡᠳᠡᠭᠡᠷ ᠲᠤᠰᠬᠠᠢ ᠮᠡᠷᠭᠡᠵᠢᠯᠲᠡᠨ ᠭᠠᠪᠠᠯᠠ ᠲᠠᠷᠢᠬᠢ ᠶᠢᠨ ᠭᠡᠮᠳᠤᠯ᠂ ᠲᠠᠷᠢᠬᠢ ᠴᠢᠰᠤᠨ ᠰᠤᠳᠠᠯ ᠤᠨ ᠡᠪᠡᠳᠴᠢᠨ᠂ ᠨᠢᠷᠤᠭᠤ ᠶᠢᠨ ᠭᠡᠮᠳᠤᠯ ᠪᠠ ᠨᠤᠭᠤᠰᠤᠨ ᠡᠪᠡᠳᠴᠢᠨ ᠵᠡᠷᠭᠡ ᠶᠢ ᠡᠮᠨᠡᠨ ᠵᠠᠰᠠᠬᠤ ᠡᠮᠴᠢᠯᠡᠭᠡᠨ ᠤ ᠪᠠᠶᠠᠯᠢᠭ ᠲᠤᠷᠰᠢᠯᠭ᠎ᠠ ᠪᠠ ᠳᠡᠷᠢᠬᠦᠨ ᠤ ᠡᠮᠴᠢᠯᠡᠭᠡᠨ ᠤ ᠮᠡᠷᠭᠡᠵᠢᠯ ᠲᠠᠢ ᠪᠠᠶᠢᠳᠠᠭ᠃ ᠠᠯᠪᠠᠨ ᠵᠢᠷᠤᠮ ᠤᠨ ᠡᠮᠴᠢᠯᠡᠭᠡᠨ ᠤ ᠳᠤᠬᠠᠢ ᠶᠢᠨ ᠳᠠᠯᠠᠪᠤᠷ ᠲᠤ᠂ ᠳᠤᠰᠬᠠᠢ ᠮᠡᠷᠭᠡᠵᠢᠯᠳᠡᠨ ᠡᠪᠡᠳᠴᠢᠳᠡᠨ ᠨᠢᠭᠡᠪᠦᠷᠢ ᠶᠢᠨ ᠡᠪᠡᠳᠴᠢᠨ ᠤ ᠪᠠᠶᠢᠳᠡᠯ ᠢ ᠨᠠᠷᠢᠨ ᠨᠢᠮᠪᠠᠶ ᠤᠨᠤᠰᠢᠯᠠᠵᠦ᠂ ᠡᠪᠡᠳᠴᠢᠲᠡᠨ ᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠶ ᠪᠠᠷ ᠰᠣᠨᠣᠰᠴᠤ᠂ ᠡᠪᠡᠳᠴᠢᠲᠡᠨ ᠨᠢᠭᠡᠪᠦᠷᠢ ᠶᠢᠨ ᠪᠣᠳᠠᠲᠠᠶ ᠪᠠᠶᠢᠳᠠᠯ ᠢ ᠦᠨᠳᠦᠰᠦᠯᠡᠨ ᠂ ᠥᠪᠡᠷᠮᠢᠴᠡ ᠡᠮᠴᠢᠯᠡᠵᠦ ᠵᠠᠰᠠᠬᠤ ᠰᠠᠨᠠᠭᠤᠯᠭ᠎ᠠ ᠭᠠᠷᠭᠠᠪᠠ᠃ ᠡᠮ ᠬᠡᠷᠡᠭᠯᠡᠬᠦ ᠶᠢ ᠵᠢᠯᠣᠭᠤᠳᠬᠤ ᠴᠢᠬᠤᠯᠠᠲᠠᠶ ᠡᠪᠡᠳᠴᠢᠲᠡᠨ ᠳᠤ᠂ ᠲᠤᠰᠬᠠᠶ ᠮᠡᠷᠭᠡᠵᠢᠯᠲᠡᠳ ᠠᠴᠠ ᠡᠮ ᠬᠡᠷᠡᠭᠯᠡᠬᠦ ᠬᠡᠮᠵᠢᠶ᠎ᠡ᠂ ᠴᠠᠭ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠡᠪᠡᠳᠴᠢᠲᠡᠨ ᠳᠤ ᠲᠤᠰᠢᠶᠠᠨ᠎ᠠ︔ ᠬᠦᠴᠢᠷ ᠲᠦᠪᠡᠭᠲᠡᠶ ᠡᠪᠡᠳᠴᠢᠨ ᠤ ᠵᠢᠱᠢᠶ᠎ᠡ ᠳᠤ ᠴᠢᠭᠯᠡᠭᠦᠯᠦᠨ᠂ ᠨᠠᠩ ᠴᠤ ᠲᠤᠬᠠᠶ ᠶᠢᠨ ᠲᠠᠯᠠᠪᠤᠷ ᠲᠤ ᠣᠯᠠᠨ ᠰᠢᠨᠵᠢᠯᠡᠭᠡᠨ ᠤ ᠶᠠᠷᠢᠯᠴᠠᠭ᠎ᠠ ᠥᠷᠨᠢᠭᠦᠯᠵᠦ᠂ ᠨᠠᠷᠢᠨ ᠨᠢᠭᠲᠠ ᠲᠠᠷᠠᠭᠠᠴᠢ ᠶᠢᠨ ᠡᠮᠴᠢᠯᠡᠭᠡᠨ ᠤ ᠲᠥᠰᠦᠯ ᠲᠣᠭᠲᠠᠭᠠᠵᠤ᠂ ︽ᠨᠢᠭᠡ ᠡᠪᠡᠳᠴᠢᠳᠡᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠦᠨᠡᠨ ᠬᠦ ᠪᠡᠶᠡᠯᠡᠭᠦᠯᠪᠡ᠃        ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ ᠲᠤᠰᠬᠠᠶ ᠮᠡᠷᠭᠡᠵᠢᠯᠲᠡᠳ ᠨᠡᠶᠢᠲᠡ 96 ᠬᠥᠮᠦᠨ ︵ᠤᠳᠠᠭ᠎ᠠ︶ ᠳᠤ ᠥᠨᠳᠥᠷ ᠬᠢᠷᠢ ᠲᠦᠪᠰᠢᠨ ᠪᠥᠬᠦᠶ ᠣᠨᠣᠰᠢᠯᠠᠨ ᠡᠮᠴᠢᠯᠡᠬᠦ ᠦᠢᠯᠡᠴᠢᠯᠡᠭᠡ ᠬᠠᠩᠭᠠᠵᠤ ᠂ ᠡᠪᠡᠳᠴᠢᠲᠡᠨ ᠤ ᠡᠪᠡᠳᠴᠢᠨ ᠦᠵᠡᠭᠦᠯᠬᠦ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠡᠪᠡᠳᠴᠢᠲᠡᠨ ᠵᠢᠴᠢ ᠭᠡᠷ ᠪᠦᠯᠢ ᠶᠢᠨ ᠬᠢᠨ ᠤ ᠨᠢᠭᠡᠳᠦᠯᠲᠡᠶ ᠰᠠᠶᠢᠨ ᠦᠨᠡᠯᠡᠯᠲᠡ ᠶᠢ ᠤᠯᠪᠠ᠃        ᠣᠶᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠡᠭᠡᠵᠢᠩ ᠦᠪᠤᠷ ᠮᠤᠩᠭᠤᠯ ᠤᠨ ᠡᠮᠴᠢᠯᠡᠭᠡᠨ ᠤ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ᠳᠡᠭᠡᠳᠦ ᠲᠠᠰ ᠤᠨ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠦᠨᠡᠨ ᠬᠦ ᠪᠡᠶᠡᠯᠡᠬᠦᠯᠦᠭᠰᠡᠨ ᠪᠠᠶᠢᠨ᠎ᠠ᠃        ᠬᠢᠨᠭ᠍ᠭᠠᠨ ᠠᠶᠢᠮᠠᠬ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠡᠭᠡᠵᠢᠩ ᠥᠪᠥᠷ ᠮᠣᠩᠭᠤᠯ ᠤᠨ ᠡᠮᠴᠢᠯᠡᠭᠡᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠥᠨᠳᠥᠷ ᠬᠢᠷᠢ ᠲᠦᠪᠰᠢᠨ ᠪᠥᠬᠦᠶ ᠲᠤᠰᠬᠠᠶ ᠮᠡᠷᠭᠡᠵᠢᠯᠲᠡᠨ ᠤ ᠪᠦᠯᠬᠦᠮ ᠪᠠ ᠲᠡᠷᠢᠭᠦᠨ ᠤ ᠣᠨᠣᠰᠢᠯᠠᠨ ᠡᠮᠴᠢᠯᠡᠬᠦ ᠮᠡᠷᠭᠡᠵᠢᠯ ᠢ ᠣᠷᠣᠭᠤᠯᠤᠨ ᠠᠪᠴᠢᠷᠠᠵᠤ᠂ ᠨᠠᠩ ᠣᠯᠠᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠨᠳᠦᠰᠤᠨ ᠱᠠᠳᠤᠨ ᠳᠤ ᠪᠠᠭᠤᠯᠭᠠᠨ᠂ ᠤᠯᠠᠨ ᠲᠦᠮᠡᠨ ᠤ ᠡᠷᠡᠬᠦᠯ ᠮᠡᠨᠳᠦ ᠳᠤ ᠪᠠᠳᠤᠯᠠᠭ᠎ᠠ ᠬᠠᠨᠭ᠍ᠭᠠᠨ᠎ᠠ᠃ ᠰᠢᠦ ᠺᠧ ᠮᠡᠳᠡᠭᠡᠯᠡᠪᠡ 
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号