ᠤᠯᠠᠭᠠᠨᠬᠤᠳᠠ ᠨᠠᠢᠮᠠᠨ ᠵᠢᠯ ᠳᠠᠷᠠᠭᠠᠯᠠᠨ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶︾ ᠶᠢᠨ ᠢᠷᠡᠭᠤ ᠠᠯᠳᠠᠷ ᠢ ᠬᠦᠷᠳᠡᠵᠠᠢ
ᠨᠡᠶᠢᠲᠡᠯᠡᠭᠰᠡᠨ ᠴᠠᠭ᠄
2025/6/19
        ᠡᠨᠡ ᠵᠢᠯ ᠤᠨ 4 ᠰᠠᠷ᠎ᠠ ᠳᠤ᠂ ᠤᠯᠠᠭᠠᠨᠬᠤᠳᠠ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶︾ ᠪᠠᠷ ᠳᠠᠬᠢᠨᠳᠠ ᠦᠨᠡᠯᠡᠭᠳᠡᠵᠦ᠂ ᠨᠠᠢᠮᠠᠨ ᠵᠢᠯ ᠳᠠᠷᠠᠭᠠᠯᠠᠨ ᠳᠤᠰ ᠢᠷᠡᠭᠤ ᠠᠯᠳᠠᠷ ᠢ ᠬᠦᠷᠳᠡᠵᠠᠢ᠃ ᠡᠨᠡ ᠨᠢ ᠪᠦᠬᠦ ᠬᠤᠳᠠ ᠶᠢᠨ 30 ᠭᠠᠷᠤᠢ ᠲᠦᠮᠡᠨ ᠺᠠᠳ᠋ᠷ ᠤᠯᠠᠨ ᠲᠦᠮᠡᠨ ᠤ ᠬᠠᠮᠳᠦ ᠶᠢᠨ ᠴᠢᠷᠮᠠᠶᠢᠯᠭ᠎ᠠ ᠵᠢᠴᠢ ᠦᠨᠳᠦᠰᠦᠳᠡᠨ ᠨᠦᠭᠦᠳ ᠤᠨ ᠠᠬ᠎ᠠ ᠳᠡᠬᠦᠦ ᠨᠠᠷ ᠤᠨ ᠵᠢᠭᠠᠰᠤ ᠤᠰᠤᠨ ᠤ ᠬᠠᠷᠢᠴᠠᠭ᠎ᠠ ᠪᠠᠨ ᠵᠤᠵᠠᠭᠠᠳᠬᠠᠨ ᠪᠦᠯᠬᠦᠮᠳᠡᠯ ᠢ ᠠᠬᠢᠭᠤᠯᠤᠬᠰᠠᠨ ᠦᠷ᠎ᠡ ᠪᠦᠲᠦᠭᠡᠯ ᠪᠣᠯᠬᠤ ᠪᠥᠭᠡᠳ ᠨᠠᠩ ᠴᠤ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠶᠠᠨ ᠵᠠᠮ ᠳᠤ ᠯᠠᠪᠳᠠᠭᠤᠨ ᠪᠠᠲᠤᠲᠠᠶ᠂ ᠵᠣᠷᠢᠭᠲᠠᠶ ᠪᠠᠷ ᠰᠢᠨ᠎ᠡ ᠶᠢ ᠡᠭᠦᠳᠦᠭᠰᠡᠨ ᠠᠮᠢᠳᠤᠯᠢᠭ ᠵᠢᠷᠤᠭᠯᠠᠯ ᠪᠣᠯᠬᠤ ᠶᠤᠮ᠃        ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠪᠠ        ︽ᠡᠨᠡ ᠪᠣᠯ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢᠨ ᠦᠷᠡᠭᠳᠡᠭᠰᠡᠨ ᠪᠠᠭᠠᠳᠤᠷᠴᠤᠳ ᠤᠨ ᠤᠡᠭᠭᠤᠨ ᠪᠤᠯᠤᠨ᠎ᠠ᠂ ᠳᠠᠳᠠᠨᠠᠷ ᠤᠨ ᠠᠭᠤᠤ ᠭᠠᠪᠢᠶ᠎ᠠ ᠠᠤᠭ᠎ᠠ ᠵᠢᠳᠬᠦᠯ ᠬᠢᠩᠭᠠᠨ ᠤ ᠡᠬᠡ ᠭᠠᠵᠠᠷ ᠲᠤ ᠦᠨᠢᠳᠡ ᠳᠠᠭᠤᠷᠢᠰᠬᠤ ᠪᠣᠯᠤᠨ᠎ᠠ ᠁︾ ᠭᠡᠵᠦ ᠤᠯᠠᠭᠠᠨᠬᠤᠲᠠ ᠶᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ᠂ ᠤᠯᠠᠭᠠᠨᠬᠤᠲᠠ ᠶᠢᠨ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠹᠧᠩ ᠯᠢ ᠨᠠ ᠪᠠᠭᠠᠴᠤᠳ ᠬᠡᠦᠬᠡᠳ ᠤᠳ ᠲᠤ ᠥᠪᠥᠷ ᠮᠣᠩᠭᠤᠯ ᠤᠨ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠶᠢᠨ ᠦᠯᠢᠭᠡᠷ ᠢ ᠶᠠᠷᠢᠵᠤ ᠪᠠᠶᠢᠯ᠎ᠠ᠃ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠡᠳᠦᠷ ᠪᠣᠯᠬᠤ ᠪᠦᠷᠢ ᠪᠦᠬᠦ ᠬᠤᠳᠠ ᠶᠢᠨ ᠨᠠᠮ ᠤᠨ ᠭᠡᠰᠢᠭᠦᠨ ᠺᠠᠳ᠋ᠷ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠨᠡᠶᠢᠭᠡᠮ ᠤᠨ ᠡᠯ᠎ᠡ ᠲᠠᠯ᠎ᠠ ᠶᠢᠨ ᠬᠦᠮᠦᠰ ᠰᠠᠨᠠᠭᠠᠴᠢᠯᠠᠭ᠎ᠠ ᠠᠴᠠ ᠪᠠᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠭᠠᠵᠠᠷ ᠢᠶᠠᠷ ᠬᠦᠷᠴᠦ ᠳᠤᠷᠠᠰᠤᠨ ᠰᠠᠨᠠᠭᠠᠯᠵᠠᠬᠤ ᠠᠵᠢᠯᠯᠠᠭ᠎ᠠ ᠳᠤ ᠤᠷᠤᠯᠴᠠᠵᠦ᠂ ᠬᠤᠪᠢᠰᠬᠠᠯ ᠤᠨ ᠦᠯᠢᠭᠡᠷ ᠢ ᠰᠤᠨᠤᠰᠴᠦ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠦ ᠪᠠᠶᠢᠳᠠᠬ᠃        2022 ᠣᠨ ᠠᠴᠠ ᠨᠠᠭᠠᠰᠢ᠂ ᠤᠯᠠᠭᠠᠨᠬᠤᠳᠠ ᠶᠢᠨ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ᠂ ᠬᠤᠪᠢᠰᠬᠠᠯᠳᠦ ᠪᠠᠭᠠᠲᠤᠷᠴᠤᠳ ᠤᠨ ᠦᠯᠢᠭᠡᠷ᠂ ᠳᠡᠷᠭᠡᠳᠡᠬᠢ ᠲᠡᠷᠢᠭᠦᠨ ᠤ ᠨᠡᠶᠢᠲᠡᠯᠢᠭ ᠵᠢᠱᠢᠶ᠎ᠡ ᠵᠡᠷᠭᠡ ᠶᠢ ᠪᠠᠶᠢᠭᠤᠯᠭ᠎ᠠ ᠨᠢᠭᠡᠴᠢ᠂ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠴᠡᠷᠢᠭ ᠤᠨ ᠬᠤᠸᠠᠷᠠᠨ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠳᠤ ᠬᠦᠷᠭᠡᠵᠦ᠂ ᠤᠬᠠᠭᠤᠯᠤᠨ ᠳᠠᠶᠢᠯᠪᠤᠷᠢᠯᠠᠬᠤ ᠠᠵᠢᠯᠯᠠᠭ᠎ᠠ ᠶᠢ ᠪᠠᠶᠢᠡᠭᠭᠤᠵᠢᠭᠤᠯᠤᠨ ᠦᠷᠨᠢᠬᠦᠯᠦᠭᠰᠡᠨ ᠪᠠᠶᠢᠨ᠎ᠠ᠃        ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠪᠡ        ᠴᠡᠷᠢᠭ ᠠᠴᠠ ᠬᠠᠯᠠᠭᠳᠠᠭᠰᠠᠳ ᠤᠨ ᠠᠵᠢᠯ ᠤᠯᠭᠤᠵᠦ ᠦᠢᠯᠡᠰ ᠪᠣᠰᠬᠠᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠭᠡᠬᠦ ᠶᠢᠨ ᠲᠥᠯᠥᠭᠡ᠂ ᠤᠯᠠᠭᠠᠨᠬᠤᠲᠠ ᠣᠯᠠᠨ ᠲᠠᠯ᠎ᠠ ᠶᠢᠨ ᠲᠡᠳᠬᠦᠬᠦ ᠠᠷᠭ᠎ᠠ ᠬᠡᠮᠵᠢᠶ᠎ᠡ ᠶᠢ ᠠᠪᠴᠠᠢ᠃ ᠳᠤᠬᠠᠶᠢᠯᠠᠪᠠᠯ᠂ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠬᠦᠮᠦᠨ ᠤ ᠭᠡᠷ ᠪᠦᠯᠢ ᠶᠢᠨ ᠬᠢᠨ ᠢ ᠠᠵᠢᠯ ᠤᠨ ᠪᠠᠶᠢᠷᠢ ᠳᠤ ᠡᠯᠰᠡᠬᠦ ᠬᠤᠷᠠᠯ᠂ ᠳᠠᠬᠢᠨ ᠠᠵᠢᠯ ᠣᠯᠭᠤᠬᠤ ᠶᠢ ᠲᠤᠰᠠᠯᠠᠬᠤ ᠪᠠ ︽ᠴᠡᠷᠢᠭ ᠢ ᠬᠦᠷᠢᠶᠡᠯᠡᠬᠦ ᠵᠢᠭᠡᠯᠡᠯᠭᠡ︾ ᠭᠠᠷᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠠᠵᠢᠯ ᠤᠯᠭᠤᠵᠦ ᠦᠢᠯᠡᠰ ᠪᠣᠰᠬᠠᠬᠤ ᠶᠢ ᠳᠡᠮᠵᠢᠬᠦ ᠵᠡᠷᠭᠡ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠭᠠᠷᠭᠠᠬᠰᠠᠨ ᠪᠠᠶᠢᠨ᠎ᠠ᠃        ᠤᠯᠠᠭᠠᠨᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠬᠠᠪᠰᠤᠷᠤᠨ ᠬᠠᠷᠠᠭᠠᠯᠵᠠᠬᠤ ᠴᠡᠷᠢᠭ ᠠᠩᠬᠢ ᠪᠠ ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ ᠪᠠᠷ ᠬᠦᠷᠴᠦ᠂ ᠲᠡᠳᠡᠨ ᠤ ᠬᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠪᠦᠬᠦ ᠳᠠᠯ᠎ᠠ ᠪᠠᠷ ᠣᠶᠢᠯᠠᠭᠠᠵᠦ᠂ ᠠᠮᠢᠳᠤᠷᠠᠯ ᠤᠨ ᠪᠤᠳᠠᠳᠤ ᠬᠦᠴᠢᠷᠳᠡᠯ ᠢ ᠨᠢ ᠰᠶᠢᠳᠪᠦᠷᠢᠯᠡᠵᠦ ᠦᠭᠬᠦᠭᠰᠡᠨ ᠪᠠᠶᠢᠨ᠎ᠠ᠃ 2020 ᠣᠨ ᠠᠴᠠ ᠨᠠᠭᠠᠰᠢ᠂ ᠬᠠᠪᠰᠤᠷᠤᠨ ᠬᠠᠷᠠᠭᠠᠯᠵᠠᠬᠤ ᠨᠦᠬᠦᠴᠡᠯ ᠳᠤ ᠲᠤᠬᠢᠷᠠᠭᠰᠠᠨ 352 ᠴᠡᠷᠢᠭ ᠬᠦᠮᠤᠨ ᠪᠠ ᠴᠡᠷᠢᠭ ᠠᠴᠠ ᠬᠠᠯᠠᠭᠳᠠᠭᠰᠠᠳ ᠤᠨ ᠬᠡᠷ ᠪᠦᠯᠢ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠲᠤᠰᠢᠶᠠᠨ ᠦᠭᠴᠦ᠂ ᠡᠮ ᠡᠮᠨᠡᠯᠭᠡ ᠶᠢᠨ ᠨᠥᠬᠦᠪᠥᠷᠢ ᠮᠥᠩᠭᠦ ᠶᠢ 227.66 ᠲᠦᠮᠡᠨ ᠲᠥᠭᠦᠷᠢᠭ ᠣᠯᠭᠤᠪᠠ︔ ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ ᠤᠨ ︽ᠭᠤᠷᠪᠠᠨ ᠬᠦᠴᠢᠷ︾ ᠤᠨ ᠠᠰᠠᠭᠤᠳᠠᠯ ᠢ ᠰᠢᠢᠳᠪᠦᠷᠢᠯᠡᠵᠦ᠂ 67.4 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠪᠠ︔ ᠴᠡᠷᠢᠭ ᠠᠴᠠ ᠬᠠᠯᠠᠭᠳᠠᠭᠰᠠᠳ ᠲᠤ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠮᠥᠩᠭᠦ ᠶᠢ 6 ᠲᠦᠮᠡᠨ ᠲᠥᠭᠦᠷᠢᠭ ᠭᠤᠶᠤᠴᠢᠯᠠᠨ ᠤᠯᠭᠤᠪᠠ︔ ᠵᠡᠮᠳᠡᠭᠴᠦᠳ ᠤᠨ ᠬᠤᠯᠪᠣᠭ᠎ᠠ ᠲᠠᠢ ᠬᠠᠮᠳᠤᠷᠠᠯᠴᠠᠵᠦ᠂ ᠴᠡᠷᠢᠭ ᠠᠴᠠ ᠬᠠᠯᠠᠭᠳᠠᠭᠰᠠᠨ ᠵᠡᠮᠳᠡᠭ ᠬᠦᠮᠦᠰ ᠲᠤ 26 ᠢᠵᠢ ᠲᠤᠰᠠᠯᠠᠬᠤ ᠪᠠᠭᠠᠵᠢ ᠬᠡᠷᠡᠭᠰᠡᠯ ᠬᠠᠩᠭᠠᠪᠠ᠃        ᠴᠡᠷᠢᠭ ᠢ ᠬᠦᠷᠢᠶᠡᠯᠡᠨ ᠭᠡᠷ ᠪᠦᠯᠢ ᠶᠢᠨ ᠬᠢᠨ ᠢ ᠬᠠᠯᠠᠮᠵᠢᠯᠠᠬᠤ ᠠᠷᠭ᠎ᠠ ᠪᠤᠳᠤᠯᠭ᠎ᠠ ᠶᠢ ᠭᠡᠷᠡᠭᠵᠢᠬᠦᠯᠪᠡ        ᠤᠯᠠᠭᠠᠨᠬᠤᠳᠠ ᠶᠢᠨ ᠨᠠᠮ ᠤᠨ ᠬᠤᠷᠢᠶ᠎ᠠ ᠪᠠ ᠵᠠᠰᠠᠬ ᠤᠨ ᠤᠷᠳᠤᠨ ᠠᠴᠠ ︽ᠤᠯᠠᠭᠠᠨᠬᠤᠲᠠ ᠶᠢᠨ ᠴᠡᠷᠢᠭ ᠬᠦ᠋ᠮᠦᠨ ᠤ ᠦᠷ᠎ᠡ ᠬᠡᠤᠬᠡᠳ ᠲᠤ ᠰᠤᠷᠭᠠᠨ ᠬᠥᠮᠦᠵᠢᠯ ᠤᠨ ᠬᠠᠷᠠᠭᠠᠯᠵᠠᠯ ᠦᠵᠡᠬᠦᠯᠬᠦ ᠨᠠᠷᠢᠨ ᠳᠦᠷᠢᠮ︾ ᠢ ᠲᠣᠭᠲᠠᠭᠠᠵᠤ᠂ ᠴᠡᠷᠢᠭ ᠬᠦᠮᠦᠨ ᠤ ᠦᠷ᠎ᠠ ᠭᠡᠤᠭᠡᠳ ᠤᠨ ᠰᠤᠷᠭᠠᠭᠤᠯᠢ ᠳᠤ ᠰᠠᠭᠤᠵᠦ ᠮᠡᠳᠡᠯᠭᠡ ᠰᠤᠷᠤᠯᠴᠠᠬᠤ ᠳᠤ ᠲᠦᠬᠦᠮ ᠦᠵᠡᠬᠦᠯᠪᠡ᠃ 2020 ᠣᠨ ᠠᠴᠠ ᠨᠠᠭᠠᠰᠢ᠂ ᠤᠯᠠᠭᠠᠨᠬᠤᠳᠠ ᠶᠢᠨ ᠴᠡᠷᠢᠭ ᠠᠴᠠ ᠬᠠᠯᠠᠬᠳᠠᠬᠰᠠᠳ ᠤᠨ ᠭᠡᠷᠡᠭ ᠶᠠᠪᠤᠳᠠᠯ ᠤᠨ ᠳᠤᠪᠴᠢᠶ᠎ᠠ ᠶᠢᠨ ᠬᠢᠨ ᠤᠯᠠᠭᠠᠨᠬᠤᠲᠠ ᠳᠤ ᠰᠠᠭᠤᠭ᠎ᠠ ᠴᠡᠷᠢᠭ ᠠᠩᠭᠢ ᠯᠤᠭ᠎ᠠ ᠬᠠᠮᠲᠤᠷᠠᠨ 110 ᠴᠡᠷᠢᠭ ᠬᠦ᠋ᠮᠦᠨ ᠤ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠶᠢ ᠤᠷᠢᠳ ᠢᠶᠠᠷ ᠲᠣᠬᠢᠷᠠᠭᠤᠯᠪᠠ᠃        ᠮᠦᠨ ᠴᠤ ᠪᠠᠰᠠ ᠬᠤᠶᠠᠷ ᠢ ᠬᠦᠷᠢᠶᠡᠯᠡᠬᠦ ᠵᠢᠱᠢᠶ᠎ᠡ ᠦᠵᠡᠭᠦᠯᠬᠦ ᠵᠡᠭᠡᠯᠢ᠂ ᠴᠡᠷᠢᠭ ᠢ ᠬᠦᠷᠢᠶᠡᠯᠡᠬᠦ ᠥᠷᠲᠡᠭᠡ᠂ ᠬᠤᠶᠠᠷ ᠢ ᠬᠦᠷᠢᠶᠡᠯᠡᠬᠦ ᠭᠤᠣᠯ ᠰᠡᠳᠦᠪᠲᠦ ᠴᠡᠴᠡᠷᠯᠢᠭ ᠢ ᠪᠠᠶᠢᠭᠤᠯᠬᠤ ᠪᠠᠷ ᠳᠠᠮᠵᠢᠭᠤᠯᠤᠨ᠂ ︽ᠴᠡᠷᠢᠭ ᠢ ᠬᠦᠷᠢᠶᠡᠯᠡᠬᠦ ᠬᠤᠯᠪᠣᠭ᠎ᠠ︾ ᠵᠡᠷᠭᠡ ᠠᠷᠭ᠎ᠠ ᠬᠡᠮᠵᠢᠶ᠎ᠡ ᠶᠢ ᠬᠥᠭᠵᠢᠭᠦᠯᠵᠦ᠂ ᠵᠢᠭᠤᠯᠴᠢᠯᠠᠬᠤ᠂ ᠢᠳᠡᠵᠦ ᠤᠤᠭᠤᠵᠦ ᠬᠤᠨᠣᠵᠤ ᠬᠡᠪᠲᠡᠬᠦ᠂ ᠬᠠᠤᠯᠢ ᠴᠠᠭᠠᠵᠠ ᠶᠢᠨ ᠲᠤᠰᠠᠯᠠᠮᠵᠢ ᠬᠦᠷᠬᠡᠬᠦ᠂ ᠡᠪᠡᠳᠴᠢᠨ ᠦᠵᠡᠭᠦᠯᠵᠦ ᠪᠡᠶ᠎ᠡ ᠪᠠᠶᠢᠴᠠᠭᠠᠬᠤ ᠵᠡᠷᠭᠡ ᠬᠦᠷᠢᠶᠡᠨ ᠳᠤ ᠠᠯᠪᠠ ᠬᠠᠭᠠᠵᠤ ᠪᠠᠶᠢᠭ᠎ᠠ ᠴᠡᠷᠢᠭ ᠬᠦᠮᠦᠨ ᠪᠠ ᠴᠡᠷᠢᠭ ᠠᠴᠠ ᠬᠠᠯᠠᠭᠳᠠᠭᠰᠠᠳ ᠢ ᠤᠷᠢᠳ ᠢᠶᠠᠷ ᠪᠣᠳᠣᠯᠬᠢᠯᠠᠬᠤ᠂ ᠬᠠᠷᠠᠭᠠᠯᠵᠠᠯ ᠦᠵᠡᠭᠦᠯᠬᠦ ᠪᠠ ᠦᠢᠯᠡᠴᠢᠯᠡᠭᠡ ᠬᠠᠩᠭᠠᠵᠤ᠂ ᠪᠥᠬᠦ ᠨᠡᠶᠢᠭᠡᠮ ᠢᠶᠠᠷ ᠢᠶᠠᠨ ᠬᠤᠶᠠᠷ ᠢ ᠬᠦᠷᠢᠶᠡᠯᠡᠬᠦ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃        ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠶᠢ ᠯᠠᠪᠳᠠᠭᠤᠨ ᠢᠶᠠᠷ ᠠᠬᠢᠭᠤᠯᠪᠠ        ᠴᠡᠷᠢᠭ ᠠᠷᠠᠳ ᠬᠠᠮᠲᠤ ᠪᠠᠷ ᠪᠠᠶᠢᠭᠤᠯᠬᠤ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠰᠤᠷᠭᠠᠭᠤᠯᠢ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠵᠤᠷᠢᠯᠭ᠎ᠠ ᠪᠤᠯᠭᠠᠭᠰᠠᠨ ᠴᠢᠬᠤᠯᠠ ᠠᠷᠭ᠎ᠠ ᠬᠡᠮᠵᠢᠶ᠎ᠡ ᠪᠤᠯᠬᠤ ᠶᠤᠮ᠃ ᠪᠦᠷᠢᠳᠬᠡᠯ ᠢ ᠦᠨᠳᠦᠰᠦᠯᠡᠪᠡᠯ ᠂ ᠡᠨᠡ ᠵᠢᠯ ᠤᠨ 4 ᠰᠠᠷ᠎ᠠ ᠶᠢᠨ ᠡᠬᠢᠨ ᠪᠤᠯᠳᠠᠯ᠎ᠠ ᠤᠯᠠᠭᠠᠨᠬᠤᠳᠠ ᠶᠢᠨ 5 ᠰᠤᠷᠭᠠᠭᠤᠯᠢ ᠶᠢᠨ ᠬᠢᠨ ᠤᠯᠠᠭᠠᠨᠬᠤᠲᠠ ᠳᠤ ᠰᠠᠭᠤᠭ᠎ᠠ ᠴᠡᠷᠢᠭ ᠠᠩᠭᠢ ᠯᠤᠭ᠎ᠠ ᠬᠤᠣᠰᠯᠠᠯ ᠪᠠᠶᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠨᠢᠭᠦᠯᠵᠦ᠂ ᠴᠡᠷᠢᠭ ᠤᠨ ᠪᠣᠯᠪᠠᠰᠤᠷᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠨ ᠠᠵᠢᠯᠯᠠᠭ᠎ᠠ᠂ ᠴᠡᠷᠢᠭ ᠤᠨ ᠬᠤᠸᠠᠷᠠᠨ ᠤ ᠨᠡᠭᠡᠭᠡᠯᠲᠡᠲᠦ ᠡᠳᠦᠷ ᠤᠨ ᠠᠵᠢᠯᠯᠠᠭ᠎ᠠ ᠵᠡᠷᠭᠡ ᠲᠠᠪᠴᠠᠩ ᠢᠶᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠬᠠᠮᠲᠤᠴᠢ ᠦᠵᠡᠯ ᠤᠨ ᠵᠣᠷᠢᠭ ᠰᠠᠨᠠᠭ᠎ᠠ ᠶᠢ ᠬᠥᠮᠦᠵᠢᠭᠦᠯᠵᠡᠶ᠃        2020 ᠣᠨ ᠠᠴᠠ ᠨᠠᠭᠠᠰᠢ᠂ ᠤᠯᠠᠭᠠᠨᠬᠤᠲᠠ ᠳᠤ ᠰᠠᠭᠤᠭ᠎ᠠ ᠴᠡᠷᠢᠭ ᠴᠠᠭᠳᠠᠭ᠎ᠠ ᠪᠠ ᠴᠡᠷᠢᠭ ᠠᠩᠭᠢ ᠶᠢᠨ ᠬᠢᠨ ᠰᠠᠭᠤᠭ᠎ᠠ ᠭᠠᠵᠠᠷ ᠤᠨ ᠠᠶᠤᠯ ᠭᠠᠮᠰᠢᠭ ᠤᠨ ᠠᠪᠤᠷᠠᠯᠳᠠ ᠳᠤ 657 ᠤᠳᠠᠭ᠎ᠠ ᠤᠷᠤᠯᠴᠠᠵᠦ᠂ 662 ᠬᠥᠮᠦᠨ ᠢ ᠠᠪᠤᠷᠠᠨ ᠲᠤᠰᠠᠯᠠᠵᠤ᠂ ᠠᠵᠤ ᠠᠬᠤᠶ ᠶᠢᠨ ᠬᠤᠬᠢᠷᠠᠯ ᠢ 1459 ᠲᠦᠮᠡᠨ ᠲᠥᠭᠦᠷᠢᠭ ᠡᠭᠡᠭᠦᠯᠦᠨ ᠠᠪᠴᠢᠷᠠᠪᠠ᠃        ᠤᠯᠠᠭᠠᠨᠬᠤᠲᠠ ᠶᠢᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ ᠪᠦᠳᠦᠭᠡᠨ ᠪᠠᠶᠢᠭᠤᠯᠤᠯᠲᠠ ᠪᠠᠷ ᠬᠤᠯᠪᠣᠭᠠᠰᠤ ᠪᠣᠯᠭᠠᠵᠤ᠂ ᠴᠡᠷᠢᠭ ᠠᠩᠭᠢ ᠪᠠ ᠣᠷᠣᠨ ᠨᠤᠲᠤᠭ ᠤᠨ ᠡᠬᠢ ᠪᠠᠶᠠᠯᠢᠭ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠠᠰᠠᠷᠠᠨ ᠬᠠᠷᠠᠭᠠᠯᠵᠠᠵᠤ ᠲᠥᠪᠬᠢᠨᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠲᠤᠰᠠᠯᠠᠬᠤ ᠵᠡᠷᠭᠡ ᠬᠦᠷᠢᠶᠡᠨ ᠳᠤ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ︵ᠰᠢᠶᠠᠨ︶︾ ᠶᠢᠨ ᠠᠯᠳᠠᠨ ᠦᠰᠦᠭᠲᠦ ᠫᠠᠶᠢᠰᠠ ᠶᠢ ᠤᠮᠠᠷᠠᠲᠤ ᠬᠢᠯᠢ ᠳᠤ ᠬᠢᠯᠠᠯᠵᠠᠭᠤᠯᠤᠨ ᠰᠠᠴᠤᠷᠠᠭᠤᠯᠤᠨ᠎ᠠ︕ ︵ᠬᠣ᠋ ᡁᠢ ᠮᠢᠨ ᠪᠤᠤ ᠢ ᠵᠢᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号