ᠤᠯᠠᠭᠠᠨᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/19
        6 ᠰᠠᠷ᠎ᠠ ᠶᠢᠨ 17 ᠤ ᠡᠳᠦᠷ᠂ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃       ᠤᠯᠠᠭᠠᠨᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠱᠢ ᠬᠠᠶ ᠬᠤᠷᠠᠯ ᠢ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠦᠸᠧ ᠶᠠᠨ ᠬᠤᠩ᠂ ᠵᠢᠶᠠᠩ ᠬᠤᠩ ᠵᠢᠶᠦ᠋ᠨ᠂ ᠵᠠᠩ ᠴᠢᠤᠸᠠᠨ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠸᠠᠨ ᠹᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠶᠢᠩ ᠴᠢᠶᠦ᠋ᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠸᠠᠩ ᠶᠦᠨ ᠯᠢᠩ᠂ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠢᠦᠶ ᡁᠢ ᠴᠢᠶᠠᠩ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠢᠦᠶ ᠵᠣᠣ ᠬᠤᠸᠠ ᠵᠢᠴᠢ ᠬᠤᠲᠠ ᠶᠢᠨ ᠲᠠᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠷ ᠲᠥᠯᠥᠭᠡᠯᠡᠭᠴᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠣᠨᠴᠠᠭᠠᠶᠢᠯᠠᠨ ᠤᠷᠢᠵᠤ ᠬᠤᠷᠠᠯ ᠳᠤ ᠰᠤᠯᠠ ᠣᠷᠣᠯᠴᠠᠵᠠᠶ᠃       ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠶᠠᠪᠤᠳᠠᠯ ᠢ ᠪᠠᠲᠤᠯᠠᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠭᠰᠠᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠬᠤᠷᠠᠯ ᠠᠴᠠ ︽ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠵᠠᠰᠠᠭ ᠤᠨ ᠣᠷᠳᠤᠨ ᠤ ᠥᠷᠢ ᠥᠭᠴᠡᠭᠡᠨ ᠤ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︾᠂ ︽ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ ᠬᠤᠳᠠ ᠶᠢᠨ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠵᠢᠴᠢ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号