| | ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠠᠮᠢᠶᠠᠷᠤᠯᠲᠠ ᠶᠢᠨ ᠠᠷᠭ᠎ᠠ︾ ︵ | ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠪᠠ︶ ᠶᠢ ᠳᠠᠷᠤᠮᠠᠯᠯᠠᠨ ᠶᠠᠪᠤᠭᠤᠯᠪᠠ᠂ ︽ | ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠩ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠡᠶᠢᠭᠡᠮ ᠤᠨ ᠬᠢᠨ ᠤ ᠠᠩᠬᠠᠷᠤᠯ ᠳᠤ ᠬᠠᠷᠢᠭᠤ ᠲᠤᠰᠬᠠᠬᠤ ᠶᠢᠨ ᠲᠥᠯᠥᠭᠡ᠂ ︽ | ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄ | 1. ᠠᠰᠠᠭᠤᠯᠲᠠ᠄ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠶ | ︖ | ᠬᠠᠷᠢᠭᠤᠯᠲᠠ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ | ᠠᠭᠤᠰᠤᠯᠴᠠᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ | ᠪᠠ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠢ ᠨᠡᠪᠴᠢᠭᠦᠯᠬᠦ ᠳᠤ ᠨᠡᠩ ᠶᠡᠭᠡ ᠬᠦᠴᠦ ᠣᠷᠣᠭᠤᠯᠤᠨ᠂ ᠰᠢᠨ᠎ᠡ | ᠡᠵᠡᠩᠨᠡᠯᠲᠡ ᠶᠢᠨ ᠪᠠᠶᠢᠳᠠᠯ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠴᠢᠳᠠᠮᠵᠢ ᠶᠢ ᠢᠳᠡᠪᠬᠢᠲᠡᠢ ᠪᠦᠲᠦᠭᠡᠵᠦ᠂ | ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠬᠡᠷᠡᠭᠲᠡᠢ︾ ᠭᠡᠪᠡ᠃ ᠨᠡᠪᠴᠢᠭᠦᠯᠦᠭᠦᠷ ᠨᠢ ᠤᠷᠤᠭᠰᠢ ᠪᠠᠨ ᠰᠢᠨ᠎ᠡ ᠶᠢ ᠡᠭᠦᠳᠬᠦ ᠬᠡᠯᠬᠢᠶ᠎ᠡ ᠶᠢ | ᠨᠠᠪᠲᠠᠷᠡᠭᠦᠯᠵᠦ᠂ ᠬᠤᠶᠢᠰᠢ ᠪᠠᠨ ᠠᠵᠤ ᠦᠢᠯᠡᠰ ᠤᠨ ᠬᠡᠯᠬᠢᠶ᠎ᠡ ᠶᠢ ᠵᠠᠯᠭᠠᠵᠤ᠂ ᠬᠥᠨᠳᠡᠯᠡᠨ ᠢᠶᠠᠷ ᠪᠡᠯᠡ ᠮᠥᠩᠭᠦᠨ ᠤ | ᠬᠡᠯᠬᠢᠶ᠎ᠡ ᠪᠠ ᠴᠢᠳᠠᠪᠤᠷᠢᠲᠠᠨ ᠤ ᠬᠡᠯᠬᠢᠶ᠎ᠡ ᠶᠢ ᠠᠭᠤᠰᠤᠯᠴᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠬᠤ ᠴᠢᠬᠤᠯᠠ ᠠᠴᠢᠶᠠᠯᠠᠪᠤᠷᠢ | ᠪᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠨᠡᠪᠴᠢᠭᠦᠯᠬᠦ ᠪᠠ ᠠᠵᠤ | ᠦᠢᠯᠡᠰᠵᠢᠭᠦᠯᠬᠦ ᠶᠢ ᠪᠦᠲᠦᠮᠵᠢᠲᠡᠢ ᠠᠬᠢᠭᠤᠯᠵᠤ᠂ ᠠᠵᠤ ᠠᠬᠤᠶᠢᠯᠠᠯ ᠤᠨ ᠨᠡᠮᠡᠭᠳᠡᠯ ᠢ ᠰᠢᠯᠢᠳᠡᠭᠵᠢᠭᠦᠯᠵᠦ᠂ ᠴᠢᠨᠠᠷ | ᠰᠠᠶᠢᠲᠠᠢ ᠠᠵᠢᠯ ᠣᠯᠭᠤᠯᠲᠠ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢᠨ | ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠢ ᠲᠤᠯᠭᠠᠭᠤᠷᠢᠯᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠪᠤᠶᠢᠵᠢᠭᠤᠯᠤᠨ ᠬᠥᠭᠵᠢᠭᠦᠯᠵᠦ ᠴᠢᠳᠠᠨ᠎ᠠ᠃ | 30 ᠭᠠᠷᠤᠢ ᠵᠢᠯ ᠤᠨ ᠬᠥᠭᠵᠢᠯᠲᠡ ᠪᠠᠷ ᠳᠠᠮᠵᠢᠭᠠᠳ᠂ ᠮᠠᠨ ᠤ ᠤᠯᠤᠰ ᠤᠨ ᠨᠡᠪᠴᠢᠭᠦᠯᠦᠭᠦᠷ ᠤᠨ | ᠪᠦᠲᠦᠭᠡᠨ ᠪᠠᠶᠢᠭᠤᠯᠤᠯᠲᠠ ᠬᠢᠬᠦ ᠦᠭᠡᠢ ᠪᠠᠶᠢᠭᠰᠠᠨ ᠠᠴᠠ ᠪᠠᠨ ᠬᠢᠬᠦ ᠪᠣᠯᠵᠤ᠂ ᠪᠠᠭ᠎ᠠ ᠪᠠᠷ ᠪᠠᠶᠢᠭᠤᠯᠵᠤ | ᠪᠠᠶᠢᠭᠰᠠᠨ ᠠᠴᠠ ᠶᠡᠭᠡ ᠪᠠᠷ ᠪᠠᠶᠢᠭᠤᠯᠬᠤ ᠪᠣᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠢᠯᠡᠰ ᠪᠣᠰᠬᠠᠨ | ᠨᠡᠪᠴᠢᠭᠦᠯᠬᠦ ᠬᠥᠭᠵᠢᠯᠲᠡ ᠶᠢᠨ ᠵᠠᠮ ᠢ ᠨᠡᠭᠡᠭᠡᠪᠡ᠃ ᠣᠳᠣᠬᠠᠨ ᠳᠤ᠂ ᠪᠦᠬᠦ ᠤᠯᠤᠰ ᠤᠨ ᠨᠡᠪᠴᠢᠭᠦᠯᠬᠦ | ᠪᠠᠶᠢᠭᠤᠯᠤᠮᠵᠢ ᠶᠢᠨ ᠶᠡᠷᠦᠩᠬᠡᠢ ᠲᠤᠭ᠎ᠠ 1.6 ᠲᠦᠮᠡ ᠳᠤ ᠬᠦᠷᠴᠦ᠂ ᠪᠦᠬᠦ ᠪᠥᠮᠪᠥᠷᠴᠡᠭ ᠤᠨ 50 ᠭᠠᠷᠤᠢ ᠤᠯᠤᠰ | ᠪᠠ ᠭᠠᠵᠠᠷ ᠣᠷᠣᠨ ᠳᠤ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠪᠠᠶᠢᠷᠢᠰᠢᠭᠤᠯᠤᠨ ᠪᠠᠶᠢᠭᠤᠯᠵᠤ᠂ ᠶᠡᠭᠡ ᠬᠡᠮᠵᠢᠶᠡᠨ ᠤ | ᠨᠥᠯᠥᠭᠡᠯᠡᠬᠦ ᠬᠦᠴᠦᠨ ᠲᠠᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠲᠤᠰᠬᠠᠢ ᠨᠠᠷᠢᠯᠢᠭ ᠣᠨᠴᠠ ᠰᠢᠨ᠎ᠡ | ᠠᠵᠤ ᠠᠬᠤᠶᠢᠯᠠᠯ ᠢ ᠪᠤᠶᠢᠵᠢᠭᠤᠯᠵᠤ᠂ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠳᠤ ᠴᠢᠬᠤᠯᠠ | ᠦᠢᠯᠡᠳᠦᠯ ᠦᠵᠡᠭᠦᠯᠪᠡ᠃ | 2023 ᠣᠨ ᠤ 3 ᠳ᠋ᠤᠭᠠᠷ ᠰᠠᠷ᠎ᠠ ᠳᠤ ︽ᠨᠠᠮ ᠪᠠ ᠲᠥᠷᠥ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠥᠯ︾ ᠢ ᠦᠨᠳᠦᠰᠦᠯᠡᠨ᠂ ᠨᠡᠪᠴᠢᠭᠦᠯᠦᠭᠦᠷ ᠤᠨ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠶᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠳᠤ ᠬᠤᠪᠢᠶᠠᠷᠢᠯᠠᠨ ᠣᠷᠣᠭᠤᠯᠪᠠ᠃ | ᠣᠳᠣᠬᠠᠨ ᠳᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ | ᠦᠢᠯᠡᠰ ᠤᠨ ᠬᠤᠪᠢᠰᠤᠯᠲᠠ ᠲᠦᠷᠭᠡᠰᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠨᠢ ᠨᠡᠪᠴᠢᠭᠦᠯᠦᠭᠦᠷ ᠤᠨ ᠬᠥᠭᠵᠢᠯᠲᠡ ᠳᠤ | ᠰᠢᠨ᠎ᠡ ᠡᠭᠦᠷᠭᠡ ᠣᠯᠭᠤᠵᠤ᠂ ᠰᠢᠨ᠎ᠡ ᠱᠠᠭᠠᠷᠳᠠᠯᠭ᠎ᠠ ᠳᠤᠷᠠᠳᠪᠠ᠃ ᠡᠶᠢᠮᠦ ᠠᠴᠠ᠂ ᠤᠤᠯ ᠤᠨ ᠬᠠᠮᠢᠶᠠᠷᠤᠯᠲᠠ ᠶᠢᠨ | ᠠᠷᠭ᠎ᠠ ᠳᠤ ᠵᠠᠰᠠᠪᠤᠷᠢ ᠣᠷᠣᠭᠤᠯᠵᠤ᠂ ᠨᠡᠪᠴᠢᠭᠦᠯᠦᠬᠦᠷ ᠤᠨ ᠬᠥᠭᠵᠢᠯᠲᠡ ᠶᠢᠨ ᠰᠡᠳᠬᠢᠮᠵᠢ ᠶᠢ ᠢᠯᠭᠠᠷᠠᠭᠤᠯᠤᠨ | ᠵᠠᠰᠠᠵᠤ᠂ ᠴᠢᠭᠯᠡᠯ ᠢ ᠲᠣᠳᠣᠷᠬᠠᠶᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠳᠤ ᠤᠯᠠᠮ ᠨᠢᠭᠡ ᠠᠯᠬᠤᠮ ᠠᠩᠬᠠᠷᠤᠯ | ᠲᠥᠪᠯᠡᠷᠡᠭᠦᠯᠵᠦ᠂ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠢᠯᠡᠴᠢᠯᠡᠭᠡ ᠶᠢ ᠴᠢᠩᠭᠠᠳᠬᠠᠨ᠂ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ | ᠵᠣᠬᠢᠴᠠᠭᠤᠯᠬᠤ ᠬᠡᠷᠡᠭᠲᠡᠢ ᠪᠣᠯᠪᠠ᠃ ᠵᠢᠯ ᠭᠠᠷᠤᠢ ᠶᠢᠨ ᠥᠷᠭᠡᠨ ᠳᠡᠯᠭᠡᠷᠡᠩᠭᠦᠢ ᠪᠠᠶᠢᠴᠠᠭᠠᠨ ᠰᠤᠳᠤᠯᠤᠯᠲᠠ᠂ ᠲᠤᠰᠬᠠᠢ | ᠮᠡᠷᠭᠡᠵᠢᠯᠲᠡᠨ ᠤ ᠨᠤᠲᠠᠯᠠᠯᠲᠠ ᠵᠢᠴᠢ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠰᠠᠨᠠᠯ ᠰᠠᠨᠠᠭᠤᠯᠭ᠎ᠠ ᠶᠢ ᠬᠤᠷᠢᠶᠠᠭᠠᠳ᠂ ᠮᠠᠨ ᠤ ᠶᠠᠮᠤᠨ ᠰᠢᠨ᠎ᠡ ︽ᠬᠠᠮᠢᠶᠠᠷᠤᠯᠲᠠ ᠶᠢᠨ ᠠᠷᠭ᠎ᠠ︾ ᠶᠢ | ᠲᠣᠭᠲᠠᠭᠠᠭᠰᠠᠨ ᠨᠢ ᠮᠠᠨ ᠤ ᠤᠯᠤᠰ ᠤᠨ ᠨᠡᠪᠴᠢᠭᠦᠯᠦᠭᠦᠷ ᠤᠨ ᠬᠥᠭᠵᠢᠯᠲᠡ ᠪᠠ ᠨᠢᠭᠡᠳᠦᠯᠲᠡᠢ ᠲᠥᠯᠥᠪᠯᠡᠨ | ᠬᠠᠮᠢᠶᠠᠷᠬᠤ ᠠᠵᠢᠯ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | 2. ᠠᠰᠠᠭᠤᠯᠲᠠ᠄ ︽ᠬᠠᠮᠢᠶᠠᠷᠤᠯᠲᠠ ᠶᠢᠨ ᠠᠷᠭ᠎ᠠ︾ ᠶᠢᠨ ᠶᠡᠷᠦᠩᠬᠡᠢ ᠰᠡᠳᠬᠢᠮᠵᠢ ᠨᠢ ᠶᠠᠭᠤ ᠪᠤᠶ︖ | ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾ ᠨᠢ ᠨᠡᠪᠴᠢᠭᠦᠯᠦᠭᠦᠷ ᠤᠨ ᠬᠥᠭᠵᠢᠯᠲᠡ ᠶᠢᠨ ᠣᠳᠣᠬᠢ | ᠪᠠᠶᠢᠳᠠᠯ᠂ ᠠᠰᠠᠭᠤᠳᠠᠯ ᠪᠠ ᠬᠠᠨᠳᠤᠰᠢ ᠶᠢ ᠶᠡᠷᠦᠩᠬᠡᠶᠢᠯᠡᠨ ᠪᠣᠳᠣᠯᠬᠢᠯᠠᠵᠤ᠂ ᠣᠳᠣᠬᠠᠨ ᠤ ᠬᠥᠭᠵᠢᠯᠲᠡ ᠶᠢᠨ ᠪᠣᠳᠠᠲᠤ | ᠪᠠᠶᠢᠳᠠᠯ ᠲᠠᠢ ᠵᠣᠬᠢᠴᠠᠭᠤᠯᠤᠨ ᠰᠢᠰᠲ᠋ᠧᠮ ᠤᠨ ᠴᠢᠨᠠᠷᠲᠠᠢ ᠳᠠᠬᠢᠨ ᠴᠣᠭᠴᠠᠯᠠᠯᠲᠠ ᠬᠢᠵᠡᠢ᠂ ᠡᠭᠦᠨ ᠤ ᠵᠣᠷᠢᠯᠭ᠎ᠠ ᠨᠢ | ᠨᠡᠪᠴᠢᠭᠦᠯᠦᠭᠦᠷ ᠢ ᠲᠣᠭᠠᠨ ᠤ ᠨᠡᠮᠡᠭᠳᠡᠯ ᠠᠴᠠ ᠴᠢᠨᠠᠷ ᠤᠨ ᠳᠡᠭᠡᠭᠰᠢᠯᠡᠯᠲᠡ ᠲᠡᠶᠢᠰᠢ ᠬᠤᠪᠢᠷᠠᠭᠤᠯᠵᠤ᠂ ᠦᠢᠯᠡᠴᠢᠯᠡᠭᠡ | ᠬᠠᠩᠭᠠᠬᠤ ᠠᠴᠠ ᠰᠢᠨ᠎ᠡ ᠶᠢ ᠡᠭᠦᠳᠦᠨ ᠦᠢᠯᠡᠰ ᠪᠣᠰᠬᠠᠬᠤ ᠠᠮᠢ ᠠᠬᠤᠢ ᠶᠢ ᠪᠠᠶᠢᠭᠤᠯᠬᠤ ᠲᠡᠶᠢᠰᠢ ᠬᠤᠪᠢᠷᠠᠭᠤᠯᠬᠤ ᠶᠢ | ᠠᠬᠢᠭᠤᠯᠬᠤ ᠶᠢᠨ ᠲᠥᠯᠥᠭᠡ ᠶᠤᠮ᠃ ᠵᠠᠰᠠᠪᠤᠷᠢ ᠣᠷᠣᠭᠤᠯᠤᠭᠰᠠᠨ ᠰᠡᠳᠬᠢᠮᠵᠢ ᠨᠢ ᠳᠣᠣᠷᠠᠬᠢ ᠳᠥᠷᠪᠡᠨ ᠲᠠᠯ᠎ᠠ ᠪᠠᠷ | ᠢᠯᠡᠷᠡᠵᠦ ᠪᠣᠶ᠄ | ᠨᠢᠭᠡ ᠳᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢᠨ ᠲᠠᠯ᠎ᠠ ᠪᠠᠷ᠂ ᠦᠷ᠎ᠡ ᠪᠦᠲᠦᠭᠡᠯ ᠢ ᠤᠯᠠᠷᠢᠭᠤᠯᠬᠤ | ᠪᠠ ᠠᠵᠤ ᠦᠢᠯᠡᠰᠵᠢᠭᠦᠯᠬᠦ ᠶᠢ ᠲᠣᠪᠤᠶᠢᠯᠭᠠᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠢ ᠨᠡᠪᠴᠢᠭᠦᠯᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ | ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ᠂ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠢ | ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ ᠲᠣᠪᠤᠶᠢᠯᠭᠠᠵᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠦᠢᠯᠡᠴᠢᠯᠡᠨ᠎ᠡ᠃ | ᠬᠤᠶᠠᠷ ᠲᠤ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠲᠠᠯ᠎ᠠ ᠪᠠᠷ᠂ ᠤᠤᠯ ᠤᠨ ᠤᠯᠤᠰ ᠤᠨ | ᠲᠡᠰ ᠤᠨ ᠬᠢ ᠶᠢ ᠶᠠᠮᠤᠨ ᠤ ᠲᠡᠰ ︵ᠪᠠᠷᠢᠮᠵᠢᠶ᠎ᠠ ᠲᠡᠰ︶ ᠤᠨ ᠨᠡᠪᠴᠢᠭᠦᠯᠦᠭᠦᠷ ᠪᠣᠯᠭᠠᠨ ᠬᠤᠪᠢᠷᠠᠭᠤᠯᠬᠤ ᠶᠢ | ᠠᠬᠢᠭᠤᠯᠬᠤ ᠶᠢᠨ ᠬᠠᠮᠲᠤ᠂ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠤᠨ | ᠬᠦᠷᠢᠶᠡᠨ ᠳᠤ ᠠᠩᠬᠠᠷᠤᠯ ᠲᠥᠪᠯᠡᠷᠡᠭᠦᠯᠵᠦ᠂ ᠳᠡᠯᠡᠬᠡᠢ ᠶᠢᠨ ᠲᠡᠷᠢᠭᠦᠨ ᠳᠤ ᠣᠷᠣᠬᠤ ᠶᠠᠮᠤᠨ ᠤ ᠲᠡᠰ ︵ᠭᠠᠷᠮᠠᠭᠠᠢ | ᠲᠡᠰ︶ ᠲᠠᠢ ᠬᠠᠷᠢᠴᠠᠭᠤᠯᠤᠭᠰᠠᠨ ᠨᠡᠪᠴᠢᠭᠦᠯᠦᠭᠦᠷ ᠢ ᠪᠤᠶᠢᠵᠢᠭᠤᠯᠵᠤ᠂ ᠡᠯ᠎ᠡ ᠲᠦᠷᠦᠯ ᠤᠨ ᠡᠬᠢ ᠪᠠᠶᠠᠯᠢᠭ ᠤᠨ | ᠬᠦᠴᠦᠨ ᠵᠦᠢᠯ ᠤᠨ ᠴᠤᠭᠯᠠᠷᠠᠯ ᠢ ᠬᠥᠲᠥᠯᠥᠨ ᠵᠢᠯᠣᠭᠤᠳᠤᠨ᠎ᠠ᠃ | ᠭᠤᠷᠪᠠ ᠳᠤ ᠪᠠᠷᠢᠮᠵᠢᠶ᠎ᠠ ᠶᠢ ᠮᠠᠭᠠᠳᠯᠠᠨ ᠲᠣᠭᠲᠠᠭᠠᠬᠤ ᠲᠠᠯ᠎ᠠ ᠪᠠᠷ᠂ ᠪᠠᠷᠢᠮᠵᠢᠶ᠎ᠠ ᠲᠡᠰ ᠤᠨ | ᠨᠡᠪᠴᠢᠭᠦᠯᠦᠭᠦᠷ ᠨᠢ ᠦᠢᠯᠡᠴᠢᠯᠡᠭᠡᠨ ᠤ ᠴᠢᠳᠠᠪᠤᠷᠢ ᠪᠠ ᠨᠡᠪᠴᠢᠭᠦᠯᠦᠭᠦᠷ ᠤᠨ ᠦᠷ᠎ᠡ ᠪᠦᠲᠦᠮᠵᠢ ᠶᠢ ᠨᠡᠩ | ᠴᠢᠬᠤᠯᠠᠴᠢᠯᠠᠵᠤ᠂ ᠭᠠᠷᠮᠠᠭᠠᠢ ᠲᠡᠰ ᠤᠨ ᠨᠡᠪᠴᠢᠭᠦᠯᠦᠭᠦᠷ ᠨᠢ ᠠᠵᠤ ᠦᠢᠯᠡᠰ ᠤᠨ ᠰᠢᠨᠵᠢ ᠴᠢᠨᠠᠷ᠂ ᠦᠢᠯᠡᠴᠢᠯᠡᠭᠡᠨ ᠤ | ᠴᠢᠳᠠᠮᠵᠢ᠂ ᠳᠡᠭᠡᠳᠦ ᠲᠡᠰ ᠤᠨ ᠴᠢᠳᠠᠪᠤᠷᠢᠲᠠᠨ᠂ ᠪᠡᠯᠡ ᠣᠷᠣᠭᠤᠯᠤᠯᠲᠠ ᠪᠠᠷ ᠳᠠᠶᠢᠴᠢᠯᠠᠬᠤ᠂ ᠤᠯᠠᠷᠢᠭᠤᠯᠬᠤ ᠶᠢ | ᠲᠦᠷᠭᠡᠳᠬᠡᠬᠦ ᠵᠡᠷᠭᠡ ᠲᠠᠯ᠎ᠠ ᠶᠢᠨ ᠴᠢᠳᠠᠪᠤᠷᠢ ᠶᠢ ᠨᠢ ᠴᠢᠩᠭᠠᠳᠬᠠᠵᠤ᠂ ᠰᠢᠨ᠎ᠡ ᠶᠢ ᠡᠭᠦᠳᠬᠦ ᠡᠬᠢ ᠪᠠᠶᠠᠯᠢᠭ ᠢ | ᠨᠡᠶᠢᠳᠬᠡᠨ ᠲᠥᠪᠯᠡᠷᠡᠭᠦᠯᠵᠦ᠂ ᠰᠢᠨ᠎ᠡ ᠶᠢ ᠡᠭᠦᠳᠴᠦ ᠦᠢᠯᠡᠰ ᠪᠣᠰᠬᠠᠬᠤ ᠬᠥᠭᠵᠢᠯᠲᠡ ᠶᠢᠨ ᠠᠮᠢ ᠠᠬᠤᠢ ᠶᠢ | ᠴᠣᠭᠴᠠᠯᠠᠨ ᠪᠠᠶᠢᠭᠤᠯᠤᠨ᠎ᠠ᠃ | ᠳᠥᠷᠪᠡ ᠳᠤ ᠠᠵᠢᠯ ᠤᠨ ᠲᠣᠭᠲᠠᠴᠠ ᠶᠢᠨ ᠲᠠᠯ᠎ᠠ ᠪᠠᠷ᠂ ᠮᠤᠵᠢ ᠶᠠᠮᠤᠨ ᠤ ᠬᠠᠮᠵᠢᠯᠴᠠᠭ᠎ᠠ ᠶᠢ | ᠲᠤᠪᠤᠶᠢᠯᠭᠠᠵᠦ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠪᠦᠬᠦ ᠤᠯᠤᠰ ᠤᠨ | ᠨᠡᠪᠴᠢᠬᠦᠯᠦᠬᠦᠷ ᠤᠨ ᠲᠥᠯᠦᠪᠵᠢᠭᠦᠯᠭᠡ᠂ ᠲᠦᠷᠦ ᠶᠢᠨ ᠪᠣᠳᠣᠯᠭ᠎ᠠ᠂ ᠪᠠᠷᠢᠮᠵᠢᠶ᠎ᠠ ᠪᠠᠷ ᠬᠥᠲᠥᠯᠥᠨ ᠵᠢᠯᠤᠭᠤᠳᠬᠤ ᠪᠠ | ᠬᠢᠨᠠᠨ ᠬᠠᠮᠢᠶᠠᠷᠬᠤ ᠶᠢ ᠴᠢᠩᠭᠠᠳᠬᠠᠬᠤ ᠶᠢᠨ ᠬᠠᠮᠲᠤ᠂ ᠣᠷᠣᠨ ᠨᠤᠲᠤᠭ ᠤᠨ ᠡᠯ᠎ᠡ ᠱᠠᠲᠤᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠢ ᠬᠥᠲᠥᠯᠥᠨ ᠵᠢᠯᠤᠭᠤᠳᠴᠤ ᠪᠠᠶᠢᠭᠠᠳ ᠵᠢᠯᠣᠭᠤᠳᠤᠯᠭ᠎ᠠ ᠪᠠ ᠦᠢᠯᠡᠴᠢᠯᠡᠭᠡ ᠶᠢ | ᠴᠢᠩᠭᠠᠳᠬᠠᠵᠤ᠂ ᠨᠡᠪᠴᠢᠬᠦᠯᠦᠬᠦᠷ ᠤᠨ ᠪᠡᠯᠡ ᠮᠥᠩᠭᠦ᠂ ᠴᠢᠳᠠᠪᠤᠷᠢᠲᠠᠨ ᠵᠡᠷᠭᠡ ᠳᠤ ᠲᠦᠷᠦ ᠶᠢᠨ ᠪᠣᠳᠣᠯᠭ᠎ᠠ ᠶᠢᠨ | ᠳᠡᠮᠵᠢᠯᠭᠡ ᠦᠵᠡᠭᠦᠯᠬᠦ ᠶᠢ ᠴᠢᠩᠭᠠᠳᠬᠠᠨ᠎ᠠ᠃ | 3. ᠠᠰᠠᠭᠤᠯᠲᠠ᠄ ︽ᠬᠠᠮᠢᠶᠠᠷᠤᠯᠲᠠ ᠶᠢᠨ ᠠᠷᠭ᠎ᠠ︾ ᠶᠢᠨ ᠪᠣᠷᠣ ᠲᠥᠯᠥᠪ ᠬᠢᠭᠡᠳ ᠴᠢᠬᠤᠯᠠ | ᠲᠣᠬᠢᠷᠠᠭᠤᠯᠤᠯᠲᠠ ᠨᠢ ᠶᠠᠭᠤ ᠪᠤᠶ︖ | ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾ ᠳᠤ ᠨᠡᠶᠢᠲᠡ 7 ᠪᠦᠯᠦᠭ 29 ᠵᠦᠢᠯ ᠪᠣᠢ᠂ | ᠡᠭᠦᠨ ᠳᠤ᠄ ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ ᠪᠣᠯᠣᠨ᠎ᠠ᠃ ᠲᠣᠭᠲᠠᠭᠠᠭᠰᠠᠨ ᠦᠨᠳᠦᠰᠦᠯᠡᠯ ᠪᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠵᠢᠴᠢ ᠨᠡᠪᠴᠢᠭᠦᠯᠦᠭᠦᠷ ᠤᠨ ᠪᠠᠶᠢᠷᠢ ᠲᠣᠭᠲᠠᠭᠠᠯᠲᠠ᠂ ᠴᠢᠳᠠᠮᠵᠢ ᠪᠠ | ᠬᠠᠷᠠᠯᠲᠠ ᠶᠢ ᠲᠣᠳᠣᠷᠬᠠᠶᠢᠯᠠᠪᠠ᠃ ᠬᠤᠶᠠᠳᠤᠭᠠᠷ ᠪᠦᠯᠦᠭ ᠨᠢ ᠮᠠᠭᠠᠳᠯᠠᠨ ᠲᠣᠭᠲᠠᠭᠠᠬᠤ ᠨᠥᠬᠦᠴᠡᠯ ᠪᠣᠯᠣᠨ᠎ᠠ᠃ | ᠶᠠᠮᠤᠨ ᠤ ᠲᠠᠰ ᠤᠨ ᠨᠡᠪᠴᠢᠭᠦᠯᠦᠭᠦᠷ ᠢ ᠪᠠᠷᠢᠮᠵᠢᠶ᠎ᠠ ᠳᠤ ᠬᠦᠷᠦᠭᠦᠯᠦᠭᠰᠡᠨ ᠮᠠᠭᠠᠳᠯᠠᠨ ᠲᠣᠭᠲᠠᠭᠠᠯᠲᠠ ᠬᠢᠬᠦ ᠶᠢ | ᠬᠡᠷᠡᠭᠵᠢᠭᠦᠯᠵᠦ᠂ ᠭᠠᠷᠮᠠᠭᠠᠢ ᠲᠠᠰ ᠤᠨ ᠨᠡᠪᠴᠢᠭᠦᠯᠦᠭᠦᠷ ᠲᠤ ᠰᠢᠯᠢᠳᠡᠭ ᠢ ᠨᠢ ᠰᠣᠩᠭᠤᠭᠰᠠᠨ ᠮᠠᠭᠠᠳᠯᠠᠨ | ᠲᠣᠭᠲᠠᠭᠠᠯᠲᠠ ᠬᠢᠬᠦ ᠶᠢ ᠬᠡᠷᠡᠭᠵᠢᠭᠦᠯᠬᠦ ᠶᠢ ᠲᠣᠳᠣᠷᠬᠠᠶᠢᠯᠠᠭᠰᠠᠨ ᠤ ᠬᠠᠮᠲᠤ ᠮᠠᠭᠠᠳᠯᠠᠨ ᠲᠣᠭᠲᠠᠭᠠᠬᠤ ᠨᠥᠬᠦᠴᠡᠯ ᠪᠠ | ᠱᠠᠭᠠᠷᠳᠠᠯᠭ᠎ᠠ ᠶᠢ ᠳᠤᠷᠠᠳᠪᠠ᠃ ᠭᠤᠷᠪᠠᠳᠤᠭᠠᠷ ᠪᠦᠯᠦᠭ ᠨᠢ ᠮᠠᠭᠠᠳᠯᠠᠨ ᠲᠣᠭᠲᠠᠭᠠᠬᠤ ᠵᠢᠷᠤᠮ ᠪᠣᠯᠣᠨ᠎ᠠ᠃ | ᠨᠡᠪᠴᠢᠭᠦᠯᠦᠭᠦᠷ ᠭᠤᠶᠤᠴᠢᠯᠠᠬᠤ᠂ ᠬᠢᠨᠠᠨ ᠬᠠᠷᠭᠤᠭᠤᠯᠵᠤ ᠲᠠᠨᠢᠯᠴᠠᠭᠤᠯᠬᠤ᠂ ᠬᠢᠨᠠᠨ ᠰᠢᠯᠭᠠᠷᠠᠭᠤᠯᠵᠤ ᠮᠠᠭᠠᠳᠯᠠᠨ | ᠲᠣᠭᠲᠠᠭᠠᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠡᠷᠭᠡ ᠲᠠᠰ ᠳᠠᠷᠠᠭᠠᠯᠠᠯ ᠤᠨ ᠱᠠᠭᠠᠷᠳᠠᠯᠭ᠎ᠠ ᠶᠢ | ᠲᠣᠳᠣᠷᠬᠠᠶᠢᠯᠠᠪᠠ᠃ ᠳᠥᠷᠪᠡᠳᠦᠭᠡᠷ ᠪᠦᠯᠦᠭ ᠨᠢ ᠦᠨᠡᠯᠡᠯᠲᠡ ᠪᠠ ᠬᠢᠨᠠᠯᠲᠠ ᠲᠠᠯᠪᠢᠯᠲᠠ ᠪᠣᠯᠣᠨ᠎ᠠ᠃ | ᠨᠡᠪᠴᠢᠭᠦᠯᠦᠭᠦᠷ ᠤᠨ ᠠᠮᠵᠢᠯᠲᠠ ᠪᠦᠲᠦᠮᠵᠢ ᠶᠢ ᠦᠨᠡᠯᠡᠯᠲᠡ ᠬᠢᠬᠦ᠂ ᠡᠳᠦᠷ ᠲᠤᠲᠤᠮ ᠤᠨ ᠬᠢᠨᠠᠯᠲᠠ ᠲᠠᠯᠪᠢᠬᠤ ᠵᠡᠷᠭᠡ | ᠱᠠᠭᠠᠷᠳᠠᠯᠭ᠎ᠠ ᠶᠢ ᠲᠣᠳᠣᠷᠬᠠᠶᠢᠯᠠᠪᠠ᠃ ᠲᠠᠪᠤᠳᠤᠭᠠᠷ ᠪᠦᠯᠦᠭ ᠨᠢ ᠬᠤᠪᠢᠷᠠᠭᠤᠯᠵᠤ ᠲᠣᠬᠢᠷᠠᠭᠤᠯᠬᠤ ᠪᠠ ᠬᠦᠴᠦᠨ | ᠦᠭᠡᠢ ᠪᠣᠯᠭᠠᠬᠤ ᠱᠠᠭᠠᠷᠳᠠᠯᠭ᠎ᠠ ᠪᠣᠯᠣᠨ᠎ᠠ᠃ ᠮᠠᠭᠠᠳᠯᠠᠨ ᠲᠣᠭᠲᠠᠭᠠᠭᠰᠠᠨ ᠨᠡᠪᠴᠢᠭᠦᠯᠦᠭᠦᠷ ᠢ ᠬᠤᠪᠢᠷᠠᠭᠤᠯᠵᠤ | ᠲᠣᠬᠢᠷᠠᠭᠤᠯᠬᠤ ᠪᠠ ᠬᠦᠴᠦᠨ ᠦᠭᠡᠢ ᠪᠣᠯᠭᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠪᠠ᠃ | ᠵᠢᠷᠭᠤᠳᠤᠭᠠᠷ ᠪᠦᠯᠦᠭ ᠨᠢ ᠠᠬᠢᠭᠤᠯᠬᠤ ᠬᠢᠭᠡᠳ ᠬᠥᠭᠵᠢᠭᠦᠯᠬᠦ ᠠᠷᠭ᠎ᠠ ᠬᠡᠮᠵᠢᠶ᠎ᠡ ᠪᠣᠯᠣᠨ᠎ᠠ᠃ ᠨᠡᠪᠴᠢᠭᠦᠯᠦᠭᠦᠷ ᠤᠨ | ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ | ᠳᠡᠮᠵᠢᠯᠭᠡ᠂ ᠴᠢᠳᠠᠪᠤᠷᠢ ᠶᠢᠨ ᠪᠠᠶᠢᠭᠤᠯᠤᠯᠲᠠ᠂ ᠰᠢᠨ᠎ᠡ ᠶᠢ ᠡᠭᠦᠳᠬᠦ ᠶᠢ ᠲᠦᠷᠭᠡᠳᠬᠡᠬᠦ᠂ ᠪᠦᠷᠢᠳᠬᠡᠨ ᠪᠠᠶᠢᠴᠠᠭᠠᠬᠤ᠂ | ᠲᠤᠰᠬᠠᠶᠢᠵᠢᠭᠤᠯᠤᠨ ᠬᠥᠭᠵᠢᠭᠦᠯᠬᠦ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠳᠣᠯᠣᠳᠤᠭᠠᠷ | ᠪᠦᠯᠦᠭ ᠨᠢ ᠳᠠᠭᠠᠯᠳᠤᠭᠤᠯᠤᠯ ᠳᠦᠷᠢᠮ ᠪᠣᠯᠣᠨ᠎ᠠ᠃ ᠯᠠᠪᠯᠠᠯᠲᠠ ᠪᠣᠯᠭᠠᠨ ᠬᠠᠮᠢᠶᠠᠷᠬᠤ᠂ ᠠᠮᠵᠢᠯᠲᠠ ᠪᠦᠲᠦᠮᠵᠢ ᠶᠢ | ᠦᠨᠡᠯᠡᠬᠦ᠂ ᠲᠠᠶᠢᠯᠪᠤᠷᠢᠯᠠᠬᠤ ᠪᠠ ᠴᠤᠴᠠᠯᠬᠤ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠪᠠ᠃ | ︽ᠬᠠᠮᠢᠶᠠᠷᠤᠯᠲᠠ ᠶᠢᠨ ᠠᠷᠭ᠎ᠠ︾ ᠳᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ | ᠨᠡᠪᠴᠢᠭᠦᠯᠦᠭᠦᠷ ︵ᠳᠣᠷᠣᠭᠰᠢ ︽ᠶᠠᠮᠤᠨ ᠲᠠᠰ ᠤᠨ ᠨᠡᠪᠴᠢᠭᠦᠯᠦᠭᠦᠷ︾ ᠭᠡᠵᠦ ᠲᠣᠪᠴᠢᠯᠠᠪᠠ︶ ᠢ ᠮᠠᠭᠠᠳᠯᠠᠨ | ᠲᠣᠭᠲᠠᠭᠠᠬᠤ ᠳᠤ ᠪᠠᠷᠢᠮᠵᠢᠶ᠎ᠠ ᠲᠠᠰ ᠤᠨ ᠪᠠ ᠭᠠᠷᠮᠠᠭᠠᠢ ᠲᠠᠰ ᠤᠨ ᠭᠡᠵᠦ ᠬᠤᠶᠠᠷ ᠲᠥᠷᠥᠯ ᠲᠣᠬᠢᠷᠠᠭᠤᠯᠵᠠᠢ᠂ ᠡᠨᠡ | ᠪᠣᠯ ᠲᠣᠰ ᠤᠳᠠᠭ᠎ᠠ ᠵᠠᠰᠠᠪᠤᠷᠢ ᠣᠷᠣᠭᠤᠯᠬᠤ ᠳᠤ ᠬᠠᠮᠤᠭ ᠤᠨ ᠶᠡᠭᠡ ᠲᠣᠬᠢᠷᠠᠭᠤᠯᠤᠯᠲᠠ ᠬᠢᠭᠰᠡᠨ ᠵᠦᠢᠯ ᠪᠣᠯᠣᠨ᠎ᠠ᠃ | ᠡᠭᠦᠨ ᠳᠤ᠂ ᠪᠠᠷᠢᠮᠵᠢᠶ᠎ᠠ ᠲᠠᠰ ᠤᠨ ᠨᠡᠪᠴᠢᠭᠦᠯᠦᠭᠦᠷ ᠨᠢ ᠤᠤᠯ ᠤᠨ ᠤᠯᠤᠰ ᠤᠨ ᠲᠠᠰ ᠤᠨ ᠨᠡᠪᠴᠢᠭᠦᠯᠦᠭᠦᠷ ᠲᠠᠢ | ᠬᠠᠷᠢᠴᠠᠭᠤᠯᠵᠤ᠂ ᠪᠠᠷᠢᠮᠵᠢᠶ᠎ᠠ ᠳᠤ ᠬᠦᠷᠦᠭᠦᠯᠦᠭᠰᠡᠨ ᠮᠠᠭᠠᠳᠯᠠᠨ ᠲᠣᠭᠲᠠᠭᠠᠯᠲᠠ ᠬᠢᠬᠦ ᠶᠢ ᠬᠡᠷᠡᠭᠵᠢᠭᠦᠯᠦᠨ᠎ᠡ᠂ | ᠲᠤᠬᠠᠶᠢᠯᠠᠪᠠᠯ ᠲᠣᠭᠲᠠᠭᠠᠭᠰᠠᠨ ᠨᠥᠬᠦᠴᠡᠯ ᠳᠤ ᠭᠦᠷᠪᠡᠯ ᠳᠠᠷᠤᠢ ᠪᠠᠷᠢᠮᠵᠢᠶ᠎ᠠ ᠲᠠᠰ ᠢᠶᠠᠷ ᠮᠠᠭᠠᠳᠯᠠᠨ ᠲᠣᠭᠲᠠᠭᠠᠵᠤ | ᠪᠣᠯᠣᠨ᠎ᠠ᠃ ᠤᠤᠯ ᠤᠨ ᠤᠯᠤᠰ ᠤᠨ ᠲᠠᠰ ᠤᠨ ᠨᠡᠪᠴᠢᠭᠦᠯᠦᠭᠦᠷ ᠲᠤ ᠠᠪᠴᠤ ᠬᠡᠯᠡᠪᠡᠯ᠂ ᠰᠢᠨ᠎ᠡ ᠪᠠᠷ ᠪᠠᠶᠢᠭᠤᠯᠤᠭᠰᠠᠨ | ᠪᠠᠷᠢᠮᠵᠢᠶ᠎ᠠ ᠲᠠᠰ ᠤᠨ ᠨᠥᠬᠦᠴᠡᠯ ᠢ ᠤᠤᠯ ᠤᠨ ᠲᠥᠷᠥ ᠶᠢᠨ ᠪᠣᠳᠣᠯᠭ᠎ᠠ ᠶᠢᠨ ᠪᠣᠷᠣ ᠲᠥᠯᠥᠪ ᠯᠦᠭᠡ ᠭᠦᠢᠴᠡᠳ | ᠵᠣᠯᠭᠠᠭᠤᠯᠵᠤ᠂ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ᠋ᠢᠴᠡ ᠴᠢᠨᠠᠷ ᠪᠠ ᠲᠣᠭᠲᠠᠪᠤᠷᠢᠲᠤ ᠴᠢᠨᠠᠷ ᠢ | ᠪᠠᠲᠤᠯᠠᠬᠤ ᠶᠢᠨ ᠬᠠᠮᠲᠤ᠂ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠰᠢᠯᠢᠳᠡᠭᠵᠢᠭᠦᠯᠬᠦ ᠪᠠ | ᠳᠡᠭᠡᠭᠰᠢᠯᠡᠭᠦᠯᠬᠦ ᠪᠠᠷ ᠳᠠᠮᠵᠢᠭᠤᠯᠤᠨ᠂ ᠤᠤᠯ ᠤᠨ ᠤᠯᠤᠰ ᠤᠨ ᠲᠠᠰ ᠤᠨ ᠨᠡᠪᠴᠢᠭᠦᠯᠦᠭᠦᠷ ᠢ ᠶᠠᠮᠤᠨ ᠲᠠᠰ ︵ | ᠪᠠᠷᠢᠮᠵᠢᠶ᠎ᠠ ᠲᠠᠰ︶ ᠤᠨ ᠨᠡᠪᠴᠢᠭᠦᠯᠦᠭᠦᠷ ᠲᠤ ᠲᠣᠭᠲᠠᠭᠤᠨ ᠢᠶᠠᠷ ᠰᠢᠯᠵᠢᠬᠦ ᠶᠢ ᠠᠬᠢᠭᠤᠯᠪᠠ᠃ ᠶᠠᠮᠤᠨ ᠲᠠᠰ ︵ | ᠰᠢᠯᠭᠠᠷᠠᠭᠰᠠᠨ ᠲᠠᠰ︶ ᠤᠨ ᠨᠡᠪᠴᠢᠭᠦᠯᠦᠭᠦᠷ ᠪᠣᠯ ᠳᠡᠯᠡᠬᠡᠢ ᠶᠢᠨ ᠲᠡᠷᠢᠭᠦᠨ ᠳᠤ ᠣᠷᠣᠬᠤ ᠯᠤᠭ᠎ᠠ ᠬᠠᠷᠢᠴᠠᠭᠤᠯᠵᠤ | ᠪᠠᠶᠢᠭᠠᠳ ᠰᠢᠯᠢᠳᠡᠭ ᠢᠶᠠᠷ ᠰᠣᠩᠭᠤᠵᠤ ᠮᠠᠭᠠᠳᠯᠠᠨ ᠲᠣᠭᠲᠠᠭᠠᠵᠤ᠂ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ | ᠪᠠ ᠢᠷᠡᠭᠡᠳᠦᠢ ᠶᠢᠨ ᠠᠵᠤ ᠦᠢᠯᠡᠰ ᠤᠨ ᠬᠦᠷᠢᠶᠡᠨ ᠳᠤ ᠬᠠᠨᠳᠤᠭᠤᠯᠤᠭᠰᠠᠨ᠂ ᠥᠨᠳᠥᠷ ᠪᠠᠷᠢᠮᠵᠢᠶᠠᠲᠤ | ᠲᠤᠰᠬᠠᠶᠢᠵᠢᠭᠰᠠᠨ ᠦᠢᠯᠡᠴᠢᠯᠡᠭᠡ ᠬᠠᠩᠭᠠᠬᠤ ᠰᠢᠨ᠎ᠡ ᠶᠢ ᠡᠭᠦᠳᠬᠦ ᠬᠡᠯᠪᠡᠷᠢ ᠶᠢᠨ ᠨᠡᠪᠴᠢᠭᠦᠯᠦᠭᠦᠷ ᠪᠣᠯᠣᠨ᠎ᠠ᠃ | ᠭᠠᠷᠮᠠᠭᠠᠢ ᠲᠠᠰ ᠤᠨ ᠨᠡᠪᠴᠢᠭᠦᠯᠦᠭᠦᠷ ᠨᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ | ᠰᠢᠯᠢᠳᠡᠭ ᠠᠴᠠ ᠰᠢᠯᠢᠳᠡᠭ ᠢ ᠰᠣᠩᠭᠤᠬᠤ᠂ ᠶᠡᠷᠦᠩᠬᠡᠢ ᠬᠡᠮᠵᠢᠶ᠎ᠡ ᠪᠠᠷ ᠬᠢᠵᠠᠭᠠᠷᠯᠠᠬᠤ ᠶᠢ ᠪᠠᠷᠢᠮᠲᠠᠯᠠᠵᠤ᠂ ᠲᠥᠷᠥ ᠶᠢᠨ | ᠪᠣᠳᠣᠯᠭ᠎ᠠ ᠪᠠᠷ ᠬᠥᠲᠥᠯᠥᠨ ᠵᠢᠯᠣᠭᠤᠳᠤᠭᠤᠯᠬᠤ ᠪᠠ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠᠷ ᠳᠠᠮᠵᠢᠭᠤᠯᠤᠨ᠂ | ᠭᠠᠷᠮᠠᠭᠠᠢ ᠲᠠᠰ ᠤᠨ ᠨᠡᠪᠴᠢᠭᠦᠯᠦᠭᠦᠷ ᠤᠨ ᠬᠡᠪ ᠳᠠᠭᠤᠷᠢᠶᠠᠯ ᠪᠣᠯᠬᠤ ᠪᠠ ᠬᠥᠲᠥᠯᠥᠨ ᠳᠠᠭᠠᠭᠤᠯᠬᠤ ᠦᠢᠯᠡᠳᠦᠯ ᠢ | ᠬᠦᠴᠦᠯᠡᠨ ᠪᠠᠳᠠᠷᠠᠭᠤᠯᠵᠤ᠂ ᠬᠤᠰᠢᠭᠤᠷᠠᠯ ᠮᠡᠷᠭᠡᠵᠢᠯ ᠤᠨ ᠦᠷ᠎ᠡ ᠪᠦᠲᠦᠭᠡᠯ ᠤᠨ ᠠᠵᠤ ᠦᠶᠢᠯᠡᠰᠵᠢᠭᠦᠯᠬᠦ ᠶᠢ | ᠠᠬᠢᠭᠤᠯᠤᠨ᠎ᠠ᠃ | ᠮᠠᠭᠠᠳᠯᠠᠨ ᠲᠣᠭᠲᠠᠭᠠᠬᠤ ᠨᠥᠬᠦᠴᠡᠯ ᠤᠨ ᠲᠠᠯ᠎ᠠ ᠠᠴᠠ ᠦᠵᠡᠪᠡᠯ᠂ ᠪᠠᠷᠢᠮᠵᠢᠶ᠎ᠠ ᠳᠡᠰ ᠤᠨ | ᠨᠡᠪᠴᠢᠭᠦᠯᠦᠭᠦᠷ ᠢ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠯᠤᠭ᠎ᠠ ᠤᠶᠠᠯᠳᠤᠭᠤᠯᠤᠨ᠂ ᠬᠡᠰᠡᠭ ᠭᠦᠢᠴᠡᠳᠬᠡᠯ | ᠲᠤᠭ᠎ᠠ ᠶᠢ ᠰᠢᠨ᠎ᠡ ᠪᠠᠷ ᠨᠡᠮᠡᠭᠳᠡᠭᠦᠯᠦᠭᠰᠡᠨ ᠪᠠ ᠰᠢᠯᠢᠳᠡᠭᠵᠢᠭᠦᠯᠵᠦ᠂ ᠨᠡᠪᠴᠢᠭᠦᠯᠬᠦ ᠦᠢᠯᠡᠴᠢᠯᠡᠭᠡᠨ ᠤ ᠴᠢᠳᠠᠪᠤᠷᠢ ᠪᠠ | ᠨᠡᠪᠴᠢᠭᠦᠯᠬᠦ ᠶᠢᠨ ᠦᠷ᠎ᠡ ᠪᠦᠲᠦᠮᠵᠢ ᠶᠢ ᠮᠥᠨ ᠴᠢᠨᠠᠷ ᠳᠡᠭᠡᠷ᠎ᠡ ᠪᠠᠨ ᠨᠠᠩ ᠢᠯᠡᠭᠦᠦ ᠴᠢᠬᠤᠯᠠᠴᠢᠯᠠᠪᠠ᠂ ᠡᠭᠦᠨ ᠳᠤ᠄ | ᠨᠡᠪᠴᠢᠭᠦᠯᠬᠦ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠳᠠᠩᠰᠠᠯᠠᠭᠤᠯᠤᠭᠰᠠᠨ ᠲᠤᠭ᠎ᠠ ᠶᠢᠨ ᠡᠵᠡᠯᠡᠬᠦ ᠬᠠᠷᠢᠴᠠᠯ᠂ | ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠡᠵᠡᠯᠡᠬᠦ ᠬᠠᠷᠢᠴᠠᠯ᠂ ᠨᠡᠪᠴᠢᠭᠦᠯᠬᠦ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ ᠪᠠ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠨᠡᠮᠡᠭᠳᠡᠯ ᠤᠨ ᠨᠣᠷᠮ᠎ᠠ᠂ ᠨᠡᠪᠴᠢᠭᠦᠯᠬᠦ | ᠦᠢᠯᠡᠴᠢᠯᠡᠭᠡᠨ ᠤ ᠣᠷᠣᠯᠭ᠎ᠠ ᠶᠢᠨ ᠡᠵᠡᠯᠡᠬᠦ ᠬᠠᠷᠢᠴᠠᠯ ᠵᠡᠷᠭᠡ ᠠᠵᠤ ᠠᠬᠤᠶᠢᠯᠠᠯ ᠤᠨ ᠶᠠᠰᠤ ᠴᠢᠨᠠᠷ ᠪᠠ | ᠨᠡᠪᠴᠢᠭᠦᠯᠦᠭᠦᠷ ᠤᠨ ᠡᠵᠡᠩᠨᠡᠯᠲᠡ ᠶᠢᠨ ᠴᠢᠳᠠᠪᠤᠷᠢ ᠶᠢ ᠢᠯᠡᠷᠡᠭᠦᠯᠬᠦ ᠲᠠᠯ᠎ᠠ ᠳᠠᠬᠢ ᠮᠠᠭᠠᠳᠯᠠᠨ ᠲᠣᠭᠲᠠᠭᠠᠬᠤ | ᠨᠥᠬᠦᠴᠡᠯ ᠢ ᠨᠡᠮᠡᠭᠳᠡᠭᠦᠯᠪᠡ︔ ᠨᠡᠪᠴᠢᠭᠦᠯᠬᠦ ᠪᠡᠯᠡ ᠮᠥᠩᠭᠦᠨ ᠤ ᠬᠡᠪᠴᠢᠶ᠎ᠡ᠂ ᠠᠵᠤ ᠠᠬᠤᠶᠢᠯᠠᠯ ᠤᠨ ᠪᠡᠶᠡᠯᠡᠭᠦᠯᠵᠦ | ᠳᠠᠭᠤᠰᠬᠠᠬᠤ ᠲᠤᠭ᠎ᠠ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠶᠢᠨ ᠨᠥᠬᠦᠴᠡᠯ ᠢ ᠲᠣᠬᠢᠷᠠᠭᠤᠯᠤᠨ ᠰᠢᠯᠢᠳᠡᠭᠵᠢᠭᠦᠯᠪᠡ︔ | ᠲᠠᠯᠠᠪᠤᠷ ᠭᠠᠵᠠᠷ ᠤᠨ ᠲᠠᠯᠠᠪᠠᠢ ᠶᠢ ᠵᠣᠬᠢᠰᠲᠠᠢ ᠪᠠᠷ ᠪᠠᠭᠤᠷᠠᠭᠤᠯᠵᠤ᠂ ᠨᠡᠪᠴᠢᠭᠦᠯᠬᠦ ᠠᠵᠤ ᠠᠬᠤᠶᠢᠯᠠᠯ ᠤᠨ ᠲᠤᠭ᠎ᠠ | ᠬᠡᠮᠵᠢᠶ᠎ᠡ ᠵᠡᠷᠭᠡ ᠬᠡᠪᠴᠢᠶᠡᠵᠢᠯ ᠤᠨ ᠲᠠᠯ᠎ᠠ ᠪᠠᠷ ᠱᠠᠭᠠᠷᠳᠠᠯᠭ᠎ᠠ ᠳᠤᠷᠠᠳᠪᠠ᠃ ᠭᠠᠷᠮᠠᠭᠠᠢ ᠲᠠᠰ ᠤᠨ ᠨᠡᠪᠴᠢᠭᠦᠯᠦᠭᠦᠷ ᠨᠢ | ᠠᠵᠤ ᠦᠢᠯᠡᠰ ᠤᠨ ᠰᠢᠨᠵᠢ ᠴᠢᠨᠠᠷ ᠢ ᠴᠢᠩᠭᠠᠳᠬᠠᠬᠤ᠂ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠬᠤ᠂ | ᠴᠢᠳᠠᠪᠤᠷᠢᠲᠠᠨ ᠢᠶᠠᠷ ᠬᠥᠲᠥᠯᠬᠦ ᠶᠢ ᠴᠢᠩᠭᠠᠳᠬᠠᠬᠤ᠂ ᠪᠡᠯᠡ ᠣᠷᠣᠭᠤᠯᠤᠯᠲᠠ ᠶᠢᠨ ᠴᠢᠳᠠᠪᠤᠷᠢ ᠣᠯᠭᠤᠬᠤ ᠶᠢ | ᠴᠢᠩᠭᠠᠳᠬᠠᠬᠤ᠂ ᠬᠤᠷᠳᠤᠴᠠ ᠶᠢ ᠲᠦᠷᠭᠡᠳᠬᠡᠬᠦ ᠦᠢᠯᠡᠳᠦᠯ ᠢ ᠴᠢᠩᠭᠠᠳᠬᠠᠬᠤ ᠵᠡᠷᠭᠡ ᠲᠠᠪᠤᠨ ᠲᠠᠯ᠎ᠠ ᠶᠢ ᠭᠦᠢᠴᠡᠳ | ᠢᠯᠡᠷᠡᠭᠦᠯᠵᠦ᠂ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠪᠠᠷ ᠳᠠᠮᠵᠢᠭᠤᠯᠵᠤ ᠰᠢᠯᠢᠳᠡᠭ ᠢ ᠨᠢ | ᠰᠣᠩᠭᠤᠨ᠎ᠠ᠃ | 4. ᠠᠰᠠᠭᠤᠯᠲᠠ᠄ ︽ᠬᠠᠮᠢᠶᠠᠷᠤᠯᠲᠠ ᠶᠢᠨ ᠠᠷᠭ᠎ᠠ︾ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤ | ᠶᠠᠮᠠᠷ ᠶᠠᠮᠠᠷ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠶᠢᠬᠤ ᠪᠤᠶ︖ | ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠤᠨ ᠨᠡᠪᠴᠢᠭᠦᠯᠦᠭᠦᠷ ︵ᠲᠦᠷᠭᠡᠳᠬᠡᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ | ᠣᠷᠣᠨ ᠵᠠᠢ ᠪᠠᠭᠲᠠᠨ᠎ᠠ︶ ᠲᠤ ᠬᠥᠳᠡᠯᠦᠩᠭᠦᠢ ᠬᠠᠮᠢᠶᠠᠷᠤᠯᠲᠠ ᠬᠡᠷᠡᠭᠵᠢᠭᠦᠯᠦᠨ᠎ᠡ᠃ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠶᠠᠮᠤᠨ ᠨᠢ ᠶᠠᠮᠤᠨ ᠲᠠᠰ ᠤᠨ ᠨᠡᠪᠴᠢᠭᠦᠯᠦᠭᠦᠷ ᠢ ᠮᠠᠭᠠᠳᠯᠠᠨ ᠲᠣᠭᠲᠠᠭᠠᠬᠤ ᠶᠢ ᠨᠢ | ᠬᠠᠷᠢᠭᠤᠴᠠᠨ᠎ᠠ᠂ ᠡᠭᠦᠨ ᠳᠤ ᠪᠠᠷᠢᠮᠵᠢᠶ᠎ᠠ ᠲᠠᠰ ᠪᠠ ᠭᠠᠷᠮᠠᠭᠠᠢ ᠲᠠᠰ ᠪᠠᠭᠲᠠᠨ᠎ᠠ᠃ ᠵᠠᠷᠴᠢᠮ ᠳᠡᠭᠡᠷ᠎ᠡ ᠪᠠᠨ | ᠨᠡᠪᠴᠢᠭᠦᠯᠦᠭᠦᠷ ᠢ ᠮᠠᠭᠠᠳᠯᠠᠨ ᠲᠣᠭᠲᠠᠭᠠᠬᠤ ᠠᠵᠢᠯ ᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠤᠨ᠎ᠠ᠃ | ᠡᠭᠦᠨ ᠤ ᠬᠠᠮᠲᠤ ᠪᠥᠬᠦ ᠤᠯᠤᠰ ᠤᠨ ᠨᠡᠪᠴᠢᠭᠦᠯᠦᠭᠦᠷ ᠤᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠪᠠ | ᠪᠠᠷᠢᠮᠵᠢᠶ᠎ᠠ ᠶᠢ ᠬᠠᠷᠢᠭᠤᠴᠠᠨ ᠲᠣᠭᠲᠠᠭᠠᠵᠤ᠂ ᠨᠡᠪᠴᠢᠭᠦᠯᠦᠭᠦᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠪᠠ ᠬᠢᠨᠠᠨ | ᠰᠢᠨᠵᠢᠵᠦ ᠵᠠᠳᠠᠯᠤᠯᠲᠠ ᠬᠢᠬᠦ ᠵᠡᠷᠭᠡ ᠠᠵᠢᠯ ᠥᠷᠨᠢᠭᠦᠯᠦᠨ᠎ᠡ᠃ ᠦᠨᠡᠯᠡᠯᠲᠡ ᠬᠢᠬᠦ ᠬᠢᠨᠠᠯᠲᠠ ᠲᠠᠯᠪᠢᠬᠤ ᠲᠤᠬᠠᠢ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠨᠡᠪᠴᠢᠭᠦᠯᠦᠭᠦᠷ ᠤᠨ ᠠᠮᠵᠢᠯᠲᠠ ᠪᠦᠲᠦᠮᠵᠢ ᠳᠤ ᠦᠨᠡᠯᠡᠯᠲᠡ | ᠬᠢᠬᠦ ᠪᠠᠷᠢᠮᠵᠢᠶ᠎ᠠ ᠶᠢ ᠠᠰ ᠲᠤ ᠨᠢ ᠲᠣᠭᠲᠠᠭᠠᠵᠤ᠂ ᠪᠠᠷᠢᠮᠵᠢᠶ᠎ᠠ ᠲᠠᠰ ᠤᠨ ᠨᠡᠪᠴᠢᠭᠦᠯᠦᠭᠦᠷ ᠲᠤ ᠵᠢᠯ ᠪᠦᠷᠢ ᠠᠮᠵᠢᠯᠲᠠ | ᠪᠦᠲᠦᠮᠵᠢ ᠶᠢ ᠨᠢ ᠦᠨᠡᠯᠡᠵᠦ᠂ ᠭᠠᠷᠮᠠᠭᠠᠢ ᠲᠠᠰ ᠤᠨ ᠨᠡᠪᠴᠢᠭᠦᠯᠦᠭᠦᠷ ᠲᠤ 3 ᠵᠢᠯ ᠪᠣᠯᠬᠤ ᠪᠦᠷᠢ ᠳᠠᠬᠢᠨ | ᠬᠠᠷᠭᠤᠭᠤᠯᠤᠨ᠎ᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠲᠤᠰᠬᠠᠢ | ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ | ᠨᠡᠪᠴᠢᠭᠦᠯᠦᠭᠦᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠪᠠᠨ | ᠨᠡᠪᠴᠢᠭᠦᠯᠦᠭᠦᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠣᠷᠣᠨ ᠪᠦᠰᠡ ᠶᠢᠨ ᠪᠣᠳᠠᠲᠠᠢ ᠲᠠᠢ ᠪᠠᠨ | ᠤᠶᠠᠯᠳᠤᠭᠤᠯᠤᠨ ᠨᠡᠪᠴᠢᠭᠦᠯᠦᠭᠦᠷ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠪᠠᠶᠢᠷᠢᠰᠢᠭᠤᠯᠵᠤ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠨᠡᠪᠴᠢᠭᠦᠯᠦᠭᠦᠷ ᠢᠶᠠᠨ ᠰᠢᠯᠢᠳᠡᠭᠵᠢᠭᠦᠯᠵᠦ | ᠬᠦᠴᠦᠷᠬᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ | 5. ᠠᠰᠠᠭᠤᠯᠲᠠ᠄ ᠰᠢᠨ᠎ᠡ ᠪᠠᠷ ᠮᠠᠭᠠᠳᠯᠠᠨ ᠲᠣᠭᠲᠠᠭᠠᠭᠰᠠᠨ ᠶᠠᠮᠤᠨ ᠳᠡᠰ ᠤᠨ ᠨᠡᠪᠴᠢᠭᠦᠯᠦᠭᠦᠷ ᠢ | ᠤᠤᠯ ᠤᠨ ᠤᠯᠤᠰ ᠤᠨ ᠳᠡᠰ ᠤᠨ ᠨᠡᠪᠴᠢᠭᠦᠯᠦᠭᠦᠷ ᠯᠦᠭᠡ ᠬᠡᠷᠬᠢᠨ ᠵᠣᠯᠭᠠᠭᠤᠯᠬᠤ ᠪᠤᠢ︖ | ᠬᠠᠷᠢᠭᠤᠯᠲᠠ᠄ ︽ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ | ᠡᠬᠢᠯᠡᠨ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭ᠎ᠠ ᠶᠢ ᠲᠥᠷᠥ ᠶᠢᠨ | ᠪᠣᠳᠣᠯᠭ᠎ᠠ ᠵᠣᠯᠭᠠᠭᠤᠯᠬᠤ ᠰᠢᠯᠵᠢᠯᠲᠡ ᠶᠢᠨ ᠬᠤᠭᠤᠴᠠᠭ᠎ᠠ ᠪᠣᠯᠭᠠᠵᠤ᠂ ᠰᠢᠯᠵᠢᠯᠲᠡ ᠶᠢᠨ ᠬᠤᠭᠤᠴᠠᠭᠠᠨ ᠳᠤ ᠬᠠᠮᠢᠶ᠎ᠠ | ᠪᠦᠬᠦᠢ ᠪᠠᠶᠢᠭᠤᠯᠤᠮᠵᠢ ᠶᠢᠨ ᠤᠤᠯ ᠤᠨ ︽ᠤᠯᠤᠰ ᠤᠨ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠤ ᠠᠬᠤᠶᠢᠯᠠᠯ ᠤᠨ ᠨᠡᠪᠴᠢᠭᠦᠯᠦᠭᠦᠷ︾ ᠤᠨ ᠬᠢᠷᠢ ᠬᠡᠮ ᠢ ᠦᠷᠭᠦᠯᠵᠢᠯᠡᠨ ᠦᠯᠡᠳᠡᠭᠡᠬᠦ ᠶᠢᠨ ᠬᠠᠮᠲᠤ ︽ | ᠬᠠᠮᠢᠶᠠᠷᠤᠯᠲᠠ ᠶᠢᠨ ᠠᠷᠭ᠎ᠠ︾ ᠶᠣᠰᠣᠭᠠᠷ ︽ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠨᠡᠪᠴᠢᠭᠦᠯᠦᠭᠦᠷ︾ ᠢᠶᠠᠷ | ᠭᠤᠶᠤᠴᠢᠯᠠᠨ ᠮᠡᠳᠡᠭᠦᠯᠵᠦ ᠪᠣᠯᠣᠨ᠎ᠠ᠃ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ︽ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠤᠨ ᠨᠡᠪᠴᠢᠭᠦᠯᠦᠭᠦᠷ︾ ᠤᠨ ᠬᠢᠷᠢ ᠬᠡᠮ ᠢ ᠣᠯᠣᠭᠰᠠᠨ ᠦᠭᠡᠢ ᠤᠤᠯ ᠤᠨ | ᠤᠯᠤᠰ ᠤᠨ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ | ᠵᠣᠬᠢᠬᠤ ᠬᠢᠷᠢ ᠬᠡᠮ ᠢ ᠨᠢ ᠳᠠᠭᠢᠵᠤ ᠦᠯᠡᠳᠡᠭᠡᠬᠦ ᠦᠭᠡᠢ᠃ ᠭᠠᠶᠢᠯᠢ ᠲᠠᠲᠠᠪᠤᠷᠢ ᠶᠢᠨ ᠬᠠᠮᠢᠶ᠎ᠠ ᠪᠦᠬᠦᠢ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠠᠪᠤᠳᠠᠯ ᠢ ᠠᠰ ᠲᠤ ᠨᠢ ᠮᠡᠳᠡᠭᠳᠡᠨ᠎ᠡ᠃ | | | | |