| ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ︽ᠦᠵᠡᠯ ᠰᠠᠨᠠᠭ᠎ᠠ ᠤᠯᠤᠰ | ᠲᠦᠷᠦ︾ ᠪᠠᠷ ᠬᠥᠮᠦᠨ ᠬᠥᠮᠦᠵᠢᠭᠦᠯᠬᠦ ᠶᠢ ᠪᠠᠷᠢᠮᠳᠠᠯᠠᠨ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ | ᠵᠢᠭᠠᠨ ᠰᠤᠷᠭᠠᠯᠲᠠ ᠶᠢ ᠠᠳᠬᠤᠵᠦ᠂ ᠰᠤᠷᠤᠬᠴᠢ ᠶᠢ ᠪᠦᠬᠦ ᠲᠠᠯ᠎ᠠ ᠪᠠᠷ ᠬᠦᠮᠦᠵᠢᠭᠦᠯᠵᠦ ᠪᠤᠢ᠃ | ᠬᠦᠮᠦᠨ ᠢ ᠬᠦᠮᠦᠵᠢᠭᠦᠯᠬᠦ ᠭᠤᠤᠯ ᠰᠠᠨᠠᠭ᠎ᠠ ᠪᠠᠨ ᠲᠤᠪᠤᠶᠢᠯᠭᠠᠵᠦ ᠠᠵᠢᠯ ᠤᠨ ᠠᠷᠭ᠎ᠠ ᠪᠠᠨ | ᠰᠢᠯᠢᠳᠡᠭᠵᠢᠭᠦᠯᠵᠠᠢ | ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠢᠮᠠᠭ ᠤᠨ ᠨᠠᠮ ᠤᠨ ᠬᠤᠷᠢᠶᠠᠨ ᠤ | ᠭᠡᠰᠢᠭᠦᠳ ᠤᠨ ᠬᠤᠷᠠᠯ ᠬᠢᠵᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠤᠳᠤᠯᠵᠤ᠂ | ᠶᠡᠭᠡ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ | ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠭᠤᠤᠯᠳᠠᠯᠭ᠎ᠠ ᠪᠤᠯᠭᠠᠪᠠ᠃ ᠭᠡᠬᠦ ᠳ᠋ᠭᠡᠨ ᠪᠦᠬᠦ ᠠᠶᠢᠮᠠᠭ ᠤᠨ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢ ᠵᠢᠯᠣᠭᠤᠳᠬᠤ | ᠵᠥᠪᠯᠡᠯ ᠪᠠᠶᠢᠭᠤᠯᠵᠤ᠂ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠥᠭᠡᠷᠡᠴᠢᠯᠡᠯᠲᠡ ᠵᠢᠴᠢ ᠰᠢᠨ᠎ᠡ ᠶᠢ ᠡᠭᠦᠳᠬᠦ ᠲᠤᠬᠠᠶ ᠬᠡᠷᠡᠭᠵᠢᠭᠦᠯᠬᠦ ᠲᠥᠰᠦᠯ︾᠂ ︽ᠪᠥᠬᠦ | ᠠᠶᠢᠮᠠᠭ ᠤᠨ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ︵ᠬᠡᠤᠬᠡᠳ ᠤᠨ ᠴᠡᠴᠡᠷᠯᠢᠭ︶ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠬᠥᠮᠦᠵᠢᠯ ᠤᠨ ᠠᠵᠢᠯ ᠢ ᠪᠥᠬᠦ | ᠲᠠᠯ᠎ᠠ ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠬᠦ ᠲᠥᠰᠦᠯ︾ ᠵᠡᠷᠭᠡ ᠶᠢ ᠳᠠᠷᠤᠮᠠᠯᠯᠠᠨ ᠲᠠᠷᠬᠠᠭᠠᠵᠤ᠂ | ᠭᠤᠣᠯ ᠰᠡᠳᠦᠪᠲᠦ ᠠᠵᠢᠯᠯᠠᠭ᠎ᠠ ᠶᠢ ᠤᠬᠠᠭᠠᠯᠠᠨ ᠰᠡᠳᠦᠬᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ | ᠪᠠᠶᠢᠭᠤᠯᠤᠯᠲᠠ ᠶᠢ ᠠᠬᠢᠭᠤᠯᠬᠤ᠂ ᠬᠥᠮᠦᠨ ᠢ ᠬᠥᠮᠦᠵᠢᠭᠦᠯᠬᠦ ᠡᠬᠢ ᠪᠠᠶᠠᠯᠢᠭ ᠢ ᠨᠡᠭᠡᠭᠡᠬᠦ᠂ ᠪᠠᠭᠰᠢ ᠶᠢᠨ ᠡᠩᠨᠡᠭᠡ ᠶᠢ | ᠪᠣᠯᠪᠠᠰᠤᠷᠠᠭᠤᠯᠬᠤ ᠵᠡᠷᠭᠡ ᠶᠢ ᠨᠢᠭᠡ ᠴᠤᠭᠴᠠᠵᠢᠭᠤᠯᠪᠠ᠃ | ᠵᠢᠭᠠᠬᠤ ᠮᠠᠲ᠋ᠧᠷᠢᠶᠠᠯ ᠳᠤ ᠠᠩᠬᠠᠷᠤᠯ ᠢᠶᠠᠨ ᠲᠥᠪᠯᠡᠷᠡᠭᠦᠯᠵᠦ ᠭᠤᠤᠯᠯᠠᠬᠤ ᠬᠢᠴᠢᠶᠡᠯ ᠢ ᠨᠢᠭᠡ | ᠴᠤᠭᠴᠠᠵᠢᠭᠤᠯᠵᠠᠢ | ᠲᠥᠷᠥᠯ ᠬᠤᠪᠢᠶᠠᠨ ᠵᠢᠯᠣᠭᠤᠳᠬᠤ ᠵᠠᠷᠴᠢᠮ ᠢ ᠪᠠᠷᠢᠮᠲᠠᠯᠠᠵᠤ᠂ ︽ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ︾᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ | ᠵᠡᠷᠭᠡ ᠶᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠲᠠᠢ ᠣᠷᠭᠠᠨᠢᠭ ᠢᠶᠠᠷ | ᠠᠭᠤᠰᠤᠯᠴᠠᠭᠤᠯᠵᠤ᠂ ᠬᠡᠦᠬᠡᠳ ᠤᠨ ᠴᠡᠴᠡᠷᠯᠢᠭ ᠲᠤ ︽ᠠᠨᠠᠷ ᠤᠨ ᠦᠷ᠎ᠡ︾ ᠶᠢᠨ ᠲᠤᠬᠠᠢ ᠵᠢᠷᠤᠭᠲᠤ ᠳᠡᠪᠲᠡᠷ ᠪᠠ | ᠤᠩᠰᠢᠬᠤ ᠪᠢᠴᠢᠭ ᠲᠤᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠳᠤ ︽ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ︾ ᠤᠩᠰᠢᠬᠤ ᠪᠢᠴᠢᠭ᠂ ︽ | ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ︾ ᠵᠡᠷᠭᠡ ᠵᠢᠭᠠᠬᠤ ᠮᠠᠲ᠋ᠧᠷᠢᠶᠠᠯ ᠢ ᠨᠢᠭᠡᠳᠦᠯᠲᠡᠢ ᠬᠡᠷᠡᠭᠯᠡᠵᠦ᠂ | ᠪᠦᠬᠦ ᠰᠤᠷᠤᠯᠭ᠎ᠠ ᠶᠢᠨ ᠱᠠᠳᠤ ᠶᠢ ᠬᠠᠮᠤᠷᠤᠭᠰᠠᠨ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠪᠠᠶᠢᠭᠤᠯᠪᠠ᠃ ᠪᠠᠰᠠ | ᠬᠢᠩᠭᠠᠨ ᠠᠶᠢᠮᠠᠭ ᠤᠨ ᠣᠨᠴᠠᠯᠢᠭ ᠲᠠᠢ ᠤᠶᠠᠯᠳᠤᠭᠤᠯᠤᠨ ᠭᠤᠤᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠤᠨ ᠲᠠᠩᠬᠢᠮ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ︽ᠠᠷᠪᠠᠨ ᠨᠢᠭᠡ︾ ᠶᠢᠨ ᠬᠤᠪᠢᠰᠬᠠᠯ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠥᠷᠨᠢᠬᠦᠯᠵᠦ᠂ ︽ᠨᠠᠮ ᠤᠨ | ᠠᠴᠢ ᠳᠤ ᠲᠠᠯᠠᠷᠬᠠᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠨ ᠤᠷᠤᠬᠰᠢᠯᠠᠬᠤ — ᠭᠠᠷ ᠭᠠᠷ ᠢᠶᠠᠨ | ᠬᠤᠯᠪᠣᠨ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠶᠠᠷᠢᠯᠴᠠᠬᠤ︾ ᠭᠤᠣᠯ ᠰᠡᠳᠦᠪᠲᠦ ᠠᠵᠢᠯᠯᠠᠭ᠎ᠠ ᠶᠢ 4000 | ᠭᠠᠷᠤᠢ ᠲᠠᠯᠠᠪᠤᠷ ᠤᠳᠠᠭ᠎ᠠ ᠥᠷᠨᠢᠭᠦᠯᠵᠡᠢ᠃ | ᠡᠬᠢ ᠪᠠᠶᠠᠯᠢᠭ ᠢ ᠡᠮᠬᠢᠯᠡᠨ ᠰᠤᠷᠭᠠᠨ ᠬᠥᠮᠦᠵᠢᠭᠦᠯᠬᠦ ᠣᠷᠣᠨ ᠵᠠᠶ ᠶᠢ ᠨᠢᠭᠡ ᠴᠤᠭᠴᠠᠵᠢᠭᠤᠯᠵᠠᠢ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ ᠪᠣᠯᠤᠨ ᠨᠡᠶᠢᠭᠡᠮ ᠤᠨ ᠶᠡᠭᠡ ᠬᠢᠴᠢᠶᠡᠯ ᠤᠨ | ᠲᠠᠩᠬᠢᠮ ᠢ ᠤᠶᠠᠯᠳᠤᠭᠤᠯᠵᠦ᠂ ᠰᠤᠳᠤᠯᠭᠠᠨ ᠤ ᠬᠢᠴᠢᠶᠡᠯ ᠤᠨ ᠲᠠᠩᠬᠢᠮ ᠪᠠ ︽ᠠᠨᠠᠷ ᠤᠨ ᠦᠷ᠎ᠡ︾ ᠶᠢᠨ ᠬᠥᠮᠦᠨ | ᠬᠥᠮᠦᠵᠢᠭᠦᠯᠬᠦ ᠬᠢᠴᠢᠶᠡᠯ ᠤᠨ ᠲᠠᠩᠬᠢᠮ ᠲᠤᠬᠢᠷᠠᠭᠤᠯᠵᠦ᠂ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ | ᠵᠢᠭᠠᠨ ᠰᠤᠷᠭᠠᠯᠲᠠ ᠶᠢᠨ ᠣᠷᠣᠨ ᠤ ᠲᠠᠰ ᠤᠨ ᠰᠠᠭᠤᠷᠢᠨ ᠭᠠᠵᠠᠷ ᠢ 11 ᠪᠠᠶᠢᠭᠤᠯᠵᠤ᠂ ᠤᠷᠤᠨ ᠤ ᠳᠡᠰ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠤᠳᠤᠯᠤᠨ ᠰᠤᠷᠤᠯᠴᠠᠬᠤ | ᠦᠢᠯᠡᠳᠦᠯᠭᠡ ᠶᠢᠨ ᠰᠠᠭᠤᠷᠢᠨ ᠭᠠᠵᠠᠷ ᠢ 24 ᠪᠠᠶᠢᠭᠤᠯᠵᠤ᠂ ᠭᠤᠤᠯ ᠰᠡᠳᠦᠪᠲᠦ ᠰᠤᠳᠤᠯᠤᠨ ᠰᠤᠷᠤᠯᠴᠠᠬᠤ ᠵᠠᠮ | ᠱᠤᠭᠤᠮ ᠢ 16 ᠨᠡᠬᠡᠬᠡᠵᠥ᠂ ︽ᠬᠢᠨᠭ᠍ᠭᠠᠨ ᠳᠠᠪᠠᠭᠠᠨ ᠳᠠᠬᠢ ᠬᠢᠩᠭᠠᠨ ᠠᠶᠠᠯᠠᠯ︾᠂ ︽ᠬᠢᠩᠭᠠᠨ ᠤ ᠬᠡᠤᠬᠡᠳ | ᠬᠢᠨᠭ᠍ᠭᠠᠨ ᠢᠶᠠᠷ ᠵᠢᠭᠤᠯᠴᠢᠯᠠᠬᠤ︾ ᠬᠤᠪᠢᠰᠬᠠᠯᠲᠦ ᠰᠤᠳᠤᠯᠤᠨ ᠰᠤᠷᠤᠯᠴᠠᠬᠤ ᠠᠵᠢᠯᠯᠠᠭ᠎ᠠ ᠶᠢ 488 ᠲᠠᠯᠠᠪᠤᠷ | ᠥᠷᠨᠢᠭᠦᠯᠪᠡ᠃ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠣᠯᠪᠠᠰᠤᠨ ᠢᠶᠠᠷ ᠵᠠᠮᠴᠢᠯᠠᠬᠤ ᠠᠵᠢᠯᠯᠠᠭ᠎ᠠ | ︾ ᠶᠢ ᠪᠦᠬᠦ ᠲᠠᠯ᠎ᠠ ᠪᠠᠷ ᠡᠬᠢᠯᠡᠭᠦᠯᠵᠦ᠂ ᠭᠤᠣᠯᠯᠠᠬᠤ ᠪᠠᠷᠢᠮᠵᠢᠶ᠎ᠠ ᠶᠢ 20 ᠵᠦᠢᠯ ᠲᠣᠭᠲᠠᠭᠠᠵᠤ᠂ 860 ᠭᠠᠷᠤᠶ | ᠲᠠᠯᠠᠪᠤᠷ ᠰᠢᠷᠢᠰ ᠠᠵᠢᠯᠯᠠᠭ᠎ᠠ ᠥᠷᠨᠢᠬᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ | ᠴᠢᠩᠭᠠᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠤᠷᠭᠠᠭᠤᠯᠢ ᠶᠢ | ᠤᠯᠤᠰ ᠤᠨ ᠲᠠᠰ ᠤᠨ 5᠂ ᠣᠷᠣᠨ ᠤ ᠲᠠᠰ ᠤᠨ 5᠂ ᠠᠶᠢᠮᠠᠭ ᠤᠨ ᠲᠠᠰ ᠤᠨ 14 ᠡᠭᠦᠳᠦᠨ ᠪᠠᠶᠢᠭᠤᠯᠵᠠᠢ᠃ | ᠪᠠᠭᠰᠢ ᠶᠢᠨ ᠡᠩᠨᠡᠭᠡ ᠶᠢ ᠰᠢᠯᠢᠳᠡᠭᠵᠢᠭᠦᠯᠵᠦ ᠵᠢᠭᠠᠬᠤ ᠰᠤᠳᠤᠯᠬᠤ ᠬᠥᠮᠦᠵᠢᠭᠦᠯᠬᠦ ᠳᠡᠭᠡᠭᠰᠢᠯᠡᠭᠦᠯᠬᠦ ᠶᠢ ᠨᠢᠭᠡ | ᠴᠤᠭᠴᠠᠵᠢᠭᠤᠯᠵᠠᠢ | ᠬᠢᠨᠭ᠍ᠭᠠᠨ ᠠᠶᠢᠮᠠᠭ ᠶᠡᠭᠡ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠪᠡ᠃ ︽ᠠᠶᠢᠮᠠᠭ ᠤᠨ ᠲᠠᠰ ᠤᠨ ᠵᠢᠱᠢᠶ᠎ᠡ | ᠦᠵᠡᠭᠦᠯᠬᠦ + ᠣᠷᠣᠨ ᠪᠦᠰᠡ ᠶᠢᠨ ᠬᠠᠮᠵᠢᠯᠴᠠᠭ᠎ᠠ + ᠰᠤᠷᠭᠠᠭᠤᠯᠢ ᠶᠢ ᠠᠬᠢᠭᠤᠯᠬᠤ︾ ᠭᠤᠷᠪᠠᠨ ᠱᠠᠲᠤᠨ ᠤ | ᠵᠢᠭᠠᠬᠤ ᠶᠢ ᠰᠤᠳᠤᠯᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ | ᠰᠢᠨᠵᠢᠯᠡᠭᠡᠨ ᠤ ᠰᠠᠯᠠᠭ᠎ᠠ ᠶᠢᠨ ᠣᠷᠣᠨ ᠤ ᠲᠠᠰ ᠤᠨ ᠰᠢᠯᠢᠳᠡᠭ ᠪᠠᠭᠰᠢ ᠶᠢ ᠠᠯᠢ ᠤᠯᠠᠨ ᠬᠥᠮᠦᠵᠢᠭᠦᠯᠵᠠᠢ᠃ ᠪᠠᠰᠠ | ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ | ᠴᠤᠭᠴᠠᠵᠢᠭᠤᠯᠤᠨ ᠵᠢᠱᠢᠶ᠎ᠡ ᠦᠵᠡᠭᠦᠯᠬᠦ ᠦᠵᠡᠭᠦᠯᠭᠡ ᠶᠢ 20 ᠤᠳᠠᠭ᠎ᠠ ᠵᠣᠬᠢᠶᠠᠨ ᠪᠠᠶᠢᠭᠤᠯᠵᠤ᠂ 50 ᠭᠠᠷᠤᠶ | ᠲᠠᠯᠠᠪᠤᠷ ᠬᠢᠴᠢᠶᠡᠯ ᠪᠡᠯᠡᠳᠭᠡᠵᠦ᠂ ᠪᠠᠭᠰᠢ ᠶᠢᠨ ᠵᠢᠭᠠᠬᠤ ᠶᠢ ᠰᠤᠳᠤᠯᠬᠤ ᠴᠢᠳᠠᠪᠤᠷᠢ ᠪᠠ ᠰᠤᠷᠭᠠᠨ ᠬᠥᠮᠦᠵᠢᠭᠦᠯᠬᠦ | ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠦ ᠴᠤᠬᠴᠠᠯᠠᠬᠤ ᠲᠤᠬᠠᠢ ᠵᠢᠭᠠᠨ ᠰᠤᠷᠭᠠᠯᠲᠠ ᠶᠢᠨ ᠤᠷᠤᠯᠳᠤᠭᠠᠨ ᠡᠷᠬᠢᠯᠡᠵᠦ᠂ ᠵᠠᠯᠠᠭᠤᠴᠤᠳ ᠤᠨ | ᠯᠧᠺᠲ᠋ᠣᠷ ᠤᠨ ᠪᠦᠯᠬᠦᠮ ᠢ ᠵᠣᠬᠢᠶᠠᠨ ᠪᠠᠶᠢᠭᠤᠯᠵᠤ᠂ ︽ᠬᠢᠩᠭᠠᠨ ᠳᠠᠪᠠᠭᠠᠨ ᠳᠠᠬᠢ ᠬᠢᠩᠭᠠᠨ ᠠᠶᠢᠮᠠᠭ ᠤᠨ ᠪᠠᠭᠰᠢ | ᠰᠤᠷᠤᠭᠴᠢᠳ ᠤᠨ ᠴᠤᠭ ᠵᠢᠪᠬᠤᠭ᠎ᠠ ᠶᠢ ᠳᠡᠯᠭᠡᠨ ᠦᠵᠡᠭᠦᠯᠬᠦ︾ ᠵᠢᠭᠠᠨ ᠰᠤᠷᠭᠠᠯᠲᠠ ᠶᠢᠨ ᠦᠨᠳᠦᠰᠦᠨ | ᠴᠢᠳᠠᠪᠤᠷᠢ ᠶᠢᠨ ᠤᠷᠤᠯᠳᠤᠭᠠᠨ ᠪᠠ ᠠᠳᠠᠯᠢ ᠬᠢᠴᠢᠶᠡᠯ ᠢ ᠣᠨᠳᠣᠣᠰᠢᠭᠤᠯᠬᠤ᠂ ᠬᠢᠴᠢᠶᠡᠯ ᠰᠣᠨᠣᠰᠴᠤ ᠵᠢᠭᠠᠨ | ᠰᠤᠷᠭᠠᠯᠲᠠ ᠶᠢ ᠦᠨᠡᠯᠡᠬᠦ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠵᠢᠱᠢᠶ᠎ᠡ ᠦᠵᠡᠭᠦᠯᠵᠦ ᠬᠦᠳᠦᠯᠦᠨ | ᠳᠠᠭᠠᠭᠤᠯᠬᠤ ᠶᠠᠪᠤᠴᠠ ᠳᠤ ᠨᠡᠷᠡᠳᠦ ᠪᠠᠭᠰᠢ ᠶᠢ ᠨᠢᠭᠡ ᠪᠦᠯᠦᠭ ᠬᠥᠮᠦᠵᠢᠭᠦᠯᠵᠠᠢ᠃ ︵ᠯᠢᠶᠠᠨ ᠪᠤᠤ ᠯᠢ ᠵᠢᠶᠠᠨ ᠨᠠᠨ︶ | | | | |