ᠬᠢᠩᠭᠠᠨ ᠠᠶᠢᠮᠠᠭ ᠤᠨ ᠰᠣᠶᠣᠯ ᠵᠢᠭᠤᠯᠴᠢᠯᠡᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠢᠭᠤᠯᠴᠢᠯᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2025/6/20
        6 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠡᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠲᠤᠷᠠᠨ ᠵᠢᠭᠤᠯᠴᠢᠯᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠪᠠ᠃        ᠬᠤᠷᠠᠯ ᠠᠴᠠ ︽ᠵᠠᠰᠠᠭ ᠤᠨ ᠤᠷᠳᠤᠨ ᠪᠤᠯᠦᠨ ᠰᠤᠷᠭᠠᠭᠤᠯᠢ ᠬᠠᠮᠲᠦᠷᠠᠯᠴᠠᠵᠦ ᠵᠢᠭᠤᠯᠴᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠬᠠᠮᠲᠤ ᠪᠠᠷ ᠪᠠᠶᠢᠭᠤᠯᠬᠤ︾ ᠭᠤᠤᠯ ᠰᠡᠳᠦᠪ ᠤᠨ ᠲᠣᠭᠤᠷᠢᠨ ᠳᠤ᠂ ︽ᠠᠮᠠᠷᠠᠯᠲᠠ ᠶᠢᠨ ᠵᠢᠭᠤᠯᠴᠢᠯᠠᠯ ᠤᠨ ᠪᠣᠷᠣ ᠲᠥᠯᠥᠪ ᠤᠨ ᠲᠤᠭᠤᠷᠢᠨ ᠳᠤ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠰᠤᠳᠤᠯᠭᠠᠨ︾ ᠤ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃ ᠬᠤᠶᠠᠷ ᠲᠠᠯ᠎ᠠ ᠪᠠᠷ ᠢᠶᠠᠨ ᠵᠢᠭᠤᠯᠴᠢᠯᠠᠯ ᠤᠨ ᠲᠣᠮᠣ ᠳ᠋ᠠᠶᠢᠲ᠋ᠠ ᠶᠢᠨ ᠡᠵᠡᠩᠨᠡᠯᠲᠡ ᠶᠢᠨ ᠲᠠᠪᠴᠠᠩ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠮᠢᠶᠠᠷᠤᠯᠲᠠ ᠶᠢᠨ ᠪᠣᠯᠪᠠᠰᠤᠷᠠᠯ᠂ ᠵᠢᠭᠤᠯᠴᠢᠯᠠᠯ ᠤᠨ ᠰᠡᠳᠦᠪ ᠤᠨ ᠰᠤᠳᠤᠯᠭᠠᠨ ᠤ ᠲᠥᠷᠥᠯ ᠵᠦᠢᠯ ᠢ ᠬᠠᠮᠲᠤᠷᠠᠨ ᠭᠤᠶᠤᠴᠢᠯᠠᠨ ᠮᠡᠳᠡᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ ᠵᠢᠭᠤᠯᠴᠢᠯᠠᠯ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠨ ᠵᠣᠯᠭᠠᠭᠤᠯᠵᠤ ᠂ ᠵᠠᠰᠠᠭ ᠤᠨ ᠣᠷᠳᠣᠨ ᠤ ᠦᠢᠯᠡᠳᠦᠯᠭᠡ ᠶᠢᠨ ᠡᠬᠢ ᠪᠠᠶᠠᠯᠢᠭ ᠪᠠ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ︽ᠦᠢᠯᠡᠳᠪᠦᠷᠢᠯᠡᠬᠦ ᠰᠤᠷᠤᠯᠴᠠᠬᠤ ᠰᠤᠳᠤᠯᠬᠤ ᠬᠡᠷᠡᠭᠯᠡᠬᠦ︾ ᠳᠥᠷᠪᠡ ᠶᠢ ᠨᠢᠭᠡ ᠴᠣᠭᠴᠠᠵᠢᠭᠤᠯᠤᠭᠰᠠᠨ ᠰᠢᠨ᠎ᠡ ᠶᠢ ᠡᠭᠦᠳᠬᠦ ᠲᠣᠭᠲᠠᠴᠠ ᠶᠢ ᠬᠦᠴᠦᠯᠡᠨ ᠪᠠᠶᠢᠭᠤᠯᠵᠤ᠂ ᠰᠢᠨ᠎ᠠ ᠬᠠᠮᠲᠤᠷᠠᠯᠴᠠᠭᠠᠨ ᠤ ᠲᠠᠪᠴᠠᠩ ᠢ ᠪᠣᠶ ᠪᠣᠯᠭᠠᠪᠠ᠃        ᠬᠤᠷᠠᠯ ᠠᠴᠠ ᠴᠢᠩᠭᠠᠳᠬᠠᠬᠰᠠᠨ ᠨᠢ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠦᠢᠯᠡᠳᠦᠯᠭᠡ ᠶᠢᠨ ᠳᠠᠪᠠᠭᠤᠯᠢᠭ ᠪᠣᠯᠤᠨ ᠶᠡᠭᠡ ᠳᠡᠭᠡᠳᠦ ᠰᠤᠷᠭᠠᠭᠤᠯᠢ ᠶᠢᠨ ᠤᠨᠤᠯ ᠤᠨ ᠰᠤᠳᠤᠯᠭᠠᠨ ᠤ ᠲᠤᠰᠬᠠᠢ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠰᠣᠶᠣᠯ ᠵᠢᠭᠤᠯᠴᠢᠯᠡᠯ ᠤᠨ ᠠᠭᠤᠰᠤᠯᠴᠠᠯ ᠤᠨ ᠦᠢᠯᠡᠳᠬᠦᠨ ᠤ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠵᠢᠭᠤᠯᠴᠢᠯᠠᠬᠴᠢᠳ ᠤᠨ ︽ᠮᠡᠳᠡᠵᠦ ᠪᠣᠯᠬᠤ᠂ ᠣᠶᠢᠯᠠᠭᠠᠵᠤ ᠪᠣᠯᠬᠤ ᠂ ᠳᠠᠭᠠᠭᠤᠯᠵᠤ ᠪᠣᠯᠬᠤ︾ ᠵᠢᠭᠤᠯᠴᠢᠯᠡᠯ ᠤᠨ ᠦᠢᠯᠡᠳᠬᠦᠨ ᠪᠣᠯᠭᠠᠨ ᠬᠤᠪᠢᠷᠠᠭᠤᠯᠵᠤ᠂ ᠰᠣᠶᠣᠯ ᠢᠶᠠᠷ ᠡᠨᠧᠷᠭᠢ ᠣᠯᠭᠤᠬᠤ ᠵᠢᠭᠤᠯᠴᠢᠯᠡᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠠ᠃        ᠡᠭᠦᠨ ᠠᠴᠠ ᠭᠠᠳᠠᠨ᠎ᠠ᠂ ᠬᠤᠶᠠᠷ ᠲᠠᠯ᠎ᠠ ᠪᠠᠷ ᠢᠶᠠᠨ ᠵᠠᠰᠠᠬ ᠤᠨ ᠤᠷᠳᠤᠨ ᠪᠠ ᠰᠤᠷᠭᠠᠭᠤᠯᠢ ᠬᠠᠮᠲᠤᠷᠠᠨ ᠬᠢᠩᠭᠠᠨ ᠠᠶᠢᠮᠠᠭ ᠤᠨ ᠰᠣᠶᠣᠯ ᠪᠠ ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ᠂ ᠵᠣᠨ ᠤ ᠠᠮᠠᠷᠠᠯᠲᠠ ᠶᠢᠨ ᠰᠤᠷᠤᠭᠴᠢᠳ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠡᠵᠡᠩᠨᠡᠨ ᠪᠣᠷᠣᠯᠠᠭᠤᠯᠬᠤ᠂ ᠣᠶᠤᠨᠴᠢ ᠵᠢᠭᠤᠯᠴᠢᠯᠠᠯ ᠤᠨ ᠬᠥᠭᠵᠢᠯᠲᠡ᠂ ᠤᠶᠢᠷ᠎ᠠ ᠤᠬᠲᠠᠷᠭᠤᠢ ᠶᠢᠨ ᠠᠵᠤ ᠠᠬᠤᠶ ᠶᠢ ᠪᠤᠶᠢᠵᠢᠭᠤᠯᠬᠤ ᠵᠡᠷᠭᠡ ᠠᠵᠢᠯ ᠤᠨ ᠲᠤᠬᠠᠶ ᠰᠣᠯᠢᠯᠴᠠᠭ᠎ᠠ ᠬᠢᠵᠠᠢ᠃ ︵ᠰᠤᠶᠤᠯ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号