ᠰᠤᠷᠭᠠᠨ ᠬᠦᠮᠦᠵᠢᠯ ᠤᠨ ᠶᠠᠮᠦᠨ ᠤ ᠰᠠᠨᠠᠭᠤᠯᠤᠮᠵᠢ᠄ ᠡᠷᠡᠮᠡᠯᠵᠡᠯ ᠲᠠᠬᠯᠠᠬᠤ ᠵᠢᠯᠤᠭᠤᠳᠤᠯᠭ᠎ᠠ ᠵᠦᠪᠯᠡᠯᠬᠡ ᠳᠤ ᠪᠤᠯᠭᠤᠮᠵᠢᠳᠠᠢ ᠬᠠᠨᠳᠤᠭᠠᠷᠠᠢ
ᠨᠡᠶᠢᠲᠡᠯᠡᠭᠰᠡᠨ ᠴᠠᠭ᠄
2025/6/20
        ᠰᠤᠷᠭᠠᠨ ᠬᠦᠮᠦᠵᠢᠯ ᠤᠨ ᠶᠠᠮᠦᠨ ᠤᠶᠢᠷ᠎ᠠ ᠳᠤ ᠰᠢᠯᠭᠠᠯᠳᠠ ᠳᠤ ᠬᠤᠯᠪᠤᠬᠳᠠᠬᠰᠠᠨ ᠬᠠᠤᠯᠢ ᠠᠴᠠ ᠵᠦᠷᠢᠴᠡᠭᠰᠡᠨ ᠰᠢᠷᠢᠰ ᠦᠢᠯᠡ ᠠᠵᠢᠯᠯᠠᠭ᠎ᠠ ᠪᠠ ᠰᠢᠯᠭᠠᠯᠳᠠ ᠶᠢᠨ ᠲᠠᠷᠠᠭᠠᠬᠢ ᠬᠤᠪᠢ ᠪᠠᠶᠢᠴᠠᠭᠠᠬᠤ᠂ ᠡᠯᠰᠡᠬᠦ ᠶᠠᠪᠤᠴᠠ ᠳᠠᠬᠢ ᠦᠨᠡᠨ ᠪᠤᠳᠠᠳᠠᠢ ᠮᠡᠬᠡᠯᠡᠯ ᠤᠨ ᠬᠡᠷᠡᠭ ᠤᠨ ᠵᠢᠱᠢᠶ᠎ᠡ ᠶᠢ ᠨᠡᠶᠢᠳᠡᠯᠡᠵᠦ᠂ ᠰᠢᠯᠭᠠᠭᠤᠯᠤᠬᠴᠢ ᠪᠠ ᠬᠡᠷ ᠤᠨ ᠠᠬᠠᠮᠡᠳ ᠲᠤ ᠮᠡᠬᠡᠯᠡᠯ ᠤᠨ ᠦᠢᠯᠡ ᠠᠵᠢᠯᠯᠠᠭ᠎ᠠ ᠶᠢ ᠤᠨᠤᠪᠴᠢᠳᠠᠢ ᠢᠯᠭᠠᠨ ᠲᠠᠨᠢᠵᠦ᠂ ᠡᠷᠡᠮᠡᠯᠵᠡᠯ ᠲᠠᠬᠯᠠᠬᠤ ᠡᠯ᠎ᠡ ᠲᠦᠷᠦᠯ ᠤᠨ ᠵᠢᠯᠤᠭᠤᠳᠤᠯᠭ᠎ᠠ ᠵᠦᠪᠯᠡᠯᠬᠡ ᠳᠤ ᠪᠤᠯᠭᠤᠮᠵᠢᠳᠠᠢ ᠬᠠᠨᠳᠤᠵᠦ᠂ ᠠᠵᠦ ᠠᠬᠤᠢ ᠶᠢᠨ ᠬᠤᠬᠢᠷᠠᠯ ᠪᠠ ᠡᠷᠡᠮᠡᠯᠵᠡᠯ ᠲᠠᠬᠯᠠᠬᠤ ᠠᠶᠦᠯ ᠲᠦᠭᠰᠢᠬᠦᠷᠢ ᠡᠬᠦᠰᠬᠦ ᠠᠴᠠ ᠵᠠᠶᠢᠯᠠᠰᠬᠢᠬᠦ ᠬᠡᠷᠡᠭᠳᠡᠢ ᠬᠡᠵᠦ ᠰᠠᠨᠠᠭᠤᠯᠪᠠ᠃        ᠵᠠᠷᠢᠮ ᠰᠦᠯᠵᠢᠶᠡᠨ ᠦᠷᠳᠡᠭᠡ ᠨᠢ ᠲᠤᠳᠤᠭᠠᠳᠤ ᠶᠢᠨ ᠲᠤᠭ᠎ᠠ ᠪᠠᠷᠢᠮᠳᠠ ᠶᠢ ᠡᠵᠡᠮᠰᠢᠵᠦ ᠪᠤᠢ ᠬᠡᠮᠡᠵᠦ᠂ ︽ᠰᠤᠷᠭᠠᠭᠤᠯᠢ ᠶᠢ ᠤᠨᠤᠪᠴᠢᠳᠠᠢ ᠲᠤᠬᠳᠠᠭᠠᠬᠤ︾᠂ ︽ᠨᠢᠬᠡ ᠬᠤᠪᠢ ᠶᠢ ᠴᠤ ᠪᠦᠷᠢᠯᠬᠡᠬᠦ ᠦᠬᠡᠢ︾ ᠬᠡᠬᠦ ᠮᠡᠳᠤ ᠪᠠᠷ ᠤᠬᠠᠭᠤᠯᠵᠦ ᠪᠠᠶᠢᠨ᠎ᠠ᠃ ᠡᠬᠦᠨ ᠤ ᠲᠤᠬᠠᠢ ᠰᠤᠷᠭᠠᠨ ᠬᠦᠮᠦᠵᠢᠯ ᠤᠨ ᠶᠠᠮᠦᠨ᠂ ᠵᠢᠯ ᠪᠦᠷᠢ ᠶᠢᠨ ᠶᠡᠭᠡ ᠲᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠳᠠ ᠶᠢᠨ ᠠᠵᠢᠯ ᠳᠤ᠂ ᠡᠯ᠎ᠡ ᠮᠤᠵᠢ ᠶᠢᠨ ᠱᠠᠳᠦᠨ ᠤ ᠰᠤᠷᠤᠬᠴᠢ ᠡᠯᠰᠡᠬᠦ ᠰᠢᠯᠭᠠᠯᠳᠠ ᠶᠢᠨ ᠪᠠᠶᠢᠭᠤᠯᠦᠮᠵᠢ ᠨᠤᠭᠤᠳ ᠴᠦᠮ ᠨᠢᠬᠡᠳᠦᠯᠳᠡᠢ ᠰᠢᠯᠭᠠᠯᠳᠠ ᠶᠢᠨ ᠬᠢᠷᠢ ᠪᠦᠳᠦᠮᠵᠢ ᠶᠢ ᠪᠦᠷᠢᠳᠭᠡᠭᠰᠡᠨ ᠪᠠᠶᠢᠳᠠᠯ ᠪᠠ ᠤᠶᠢᠷ᠎ᠠ ᠶᠢᠨ ᠵᠢᠯ ᠤᠨ ᠡᠯ᠎ᠡ ᠶᠡᠭᠡ ᠲᠡᠭᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠬᠤᠪᠢ ᠶᠢᠨ ᠪᠠᠶᠢᠳᠠᠯ ᠢ ᠨᠡᠶᠢᠳᠡᠯᠡᠳᠡᠭ᠃ ᠵᠠᠬ᠎ᠠ ᠲᠡᠯᠬᠡᠬᠦᠷ ᠤᠨ ᠪᠠᠶᠢᠭᠤᠯᠤᠮᠵᠢ ᠪᠤᠶᠤ ᠬᠤᠪᠢ ᠬᠦᠮᠦᠨ ᠶᠠᠮᠠᠷ ᠴᠤ ᠤᠨᠴᠠᠭᠠᠢ ᠲᠤᠳᠤᠭᠠᠳᠤ ᠶᠢᠨ ᠮᠡᠳᠡᠭᠡ ᠵᠠᠩᠬᠢ ᠶᠢ ᠡᠵᠡᠮᠰᠢᠵᠦ ᠲᠡᠶᠢᠯᠬᠦ ᠦᠬᠡᠢ᠃ ᠢᠷᠡᠯᠳᠡ ᠨᠢ ᠲᠤᠳᠤ ᠪᠤᠰᠤ ᠰᠦᠯᠵᠢᠶᠡᠨ ᠦᠷᠳᠡᠭᠡ ᠳᠠᠬᠢ ᠬᠤᠯᠪᠤᠭᠠᠰᠦ ᠳᠤ ᠤᠨᠠᠭᠤᠯᠢ ᠶᠢᠨ ᠸᠢᠷᠦ᠋ᠰ ᠨᠢᠭᠤᠬᠳᠠᠵᠦ᠂ ᠬᠤᠪᠢ ᠬᠦᠮᠦᠨ ᠤ ᠮᠡᠳᠡᠭᠡ ᠵᠠᠩᠬᠢ ᠪᠤᠶᠤ ᠪᠠᠩᠬᠢ ᠶᠢᠨ ᠺᠠᠷᠲ ᠤᠨ ᠨᠤᠮᠧᠷ ᠢᠶᠠᠨ ᠲᠠᠬᠯᠠᠵᠦ ᠤᠷᠤᠭᠤᠯᠪᠠᠯ ᠵᠤᠭᠤᠰ ᠮᠦᠡᠭᠬᠦᠨ ᠤ ᠬᠤᠬᠢᠷᠠᠯ ᠠᠮᠰᠠᠵᠦ ᠮᠡᠳᠡᠨ᠎ᠡ᠃ ᠠᠯᠪᠠᠨ ᠤ ᠲᠠᠯ᠎ᠠ ᠶᠢᠨ ᠬᠤᠪᠢ ᠪᠠᠶᠢᠴᠠᠭᠠᠬᠤ ᠰᠢᠰᠲ᠋ᠧᠮ ᠳᠤ ᠢᠯᠡᠬᠦᠴᠡ ᠰᠢᠯᠭᠠᠨ ᠪᠠᠳᠦᠯᠠᠬᠤ ᠭᠤᠬᠴᠤᠭ᠎ᠠ ᠪᠠᠶᠢᠬᠤ ᠦᠬᠡᠢ ᠬᠡᠵᠦ ᠢᠯᠡᠷᠬᠡᠶᠢᠯᠡᠪᠡ᠃        ᠤᠶᠢᠷ᠎ᠠ ᠳᠤ ᠰᠤᠷᠭᠠᠨ ᠬᠦᠮᠦᠵᠢᠯ ᠤᠨ ᠶᠠᠮᠦᠨ ᠤ ᠶᠡᠭᠡ ᠲᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠳᠠ ᠶᠢᠨ ᠡᠷᠡᠮᠡᠯᠵᠡᠯ ᠲᠠᠬᠯᠠᠵᠦ ᠮᠡᠳᠡᠬᠦᠯᠬᠦ ᠮᠡᠳᠡᠭᠡ ᠵᠠᠩᠬᠢ ᠶᠢᠨ ᠦᠢᠯᠡᠴᠢᠯᠡᠬᠡᠨ ᠤ ᠰᠢᠰᠲ᠋ᠧᠮ ︽ᠨᠠᠷᠠᠨ ᠬᠡᠷᠡᠯᠳᠤ ᠡᠷᠡᠮᠡᠯᠵᠡᠯ︾ ᠢ ᠨᠢᠬᠡᠨᠳᠡ ᠰᠦᠯᠵᠢᠶᠡᠨ ᠳᠤ ᠨᠡᠪᠳᠡᠷᠡᠬᠦᠯᠵᠦ᠂ ᠤᠶᠤᠨᠳᠤ ᠪᠠᠷ ᠡᠷᠡᠮᠡᠯᠵᠡᠯ ᠰᠤᠩᠭᠤᠬᠤ ᠵᠡᠷᠭᠡ 7 ᠭᠤᠤᠯᠯᠠᠬᠤ ᠴᠢᠳᠠᠮᠵᠢ ᠶᠢ ᠭᠠᠷᠭᠠᠬᠰᠠᠨ ᠪᠠᠶᠢᠨ᠎ᠠ᠃ ᠲᠤᠰ ᠰᠢᠰᠲ᠋ᠧᠮ ᠨᠢ ᠪᠦᠬᠦ ᠤᠯᠤᠰ ᠤᠨ ᠡᠩ ᠤᠨ ᠶᠡᠭᠡ ᠲᠡᠭᠡᠳᠦ ᠰᠤᠷᠭᠠᠭᠤᠯᠢ ᠶᠢᠨ ᠦᠡᠭᠭᠡᠷᠡᠭᠰᠡᠨ ᠵᠢᠯ ᠤᠳ ᠤᠨ ᠰᠤᠷᠤᠬᠴᠢ ᠡᠯᠰᠡᠭᠰᠡᠨ ᠡᠷᠬᠡ ᠰᠦᠷᠳᠤ ᠲᠤᠭ᠎ᠠ ᠪᠠᠷᠢᠮᠳᠠ ᠶᠢ ᠡᠮᠬᠢᠯᠡᠨ ᠨᠡᠶᠢᠳᠬᠡᠵᠦ᠂ 2025 ᠤᠨ ᠤ ᠶᠡᠭᠡ ᠲᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠳᠠ ᠳᠤ ᠤᠷᠤᠯᠴᠠᠬᠰᠠᠨ ᠰᠢᠯᠭᠠᠭᠤᠯᠤᠬᠴᠢ ᠳᠤ ᠬᠠᠨᠳᠤᠭᠤᠯᠤᠨ ᠵᠢᠩᠬᠢᠨᠢ ᠠᠩᠬᠢ ᠪᠠ ᠲᠤᠰᠬᠠᠢ ᠮᠡᠷᠬᠡᠵᠢᠯ ᠤᠨ ᠠᠩᠬᠢ ᠶᠢᠨ ᠡᠩ ᠤᠨ ᠪᠦᠯᠦᠭ ᠤᠳᠠᠭ᠎ᠠ ᠶᠢᠨ ᠡᠷᠡᠮᠡᠯᠵᠡᠯ ᠰᠤᠩᠭᠤᠬᠤ ᠦᠢᠯᠡᠴᠢᠯᠡᠭᠡ ᠶᠢ ᠰᠦᠢᠳᠬᠡᠯ ᠬᠤᠷᠢᠶᠠᠬᠤ ᠦᠬᠡᠢ ᠪᠠᠷ ᠬᠠᠨᠭ᠍ᠭᠠᠨ᠎ᠠ᠃ ᠰᠢᠯᠭᠠᠭᠤᠯᠤᠬᠴᠢ ᠬᠤᠪᠢ ᠬᠦᠮᠦᠨ ᠤ ᠰᠢᠯᠭᠠᠯᠳᠠ ᠶᠢᠨ ᠬᠢᠷᠢ ᠪᠦᠳᠦᠮᠵᠢ᠂ ᠪᠠᠶᠢᠷᠢ ᠶᠢᠨ ᠲᠠᠷᠠᠭᠠᠯᠠᠯ ᠢ ᠦᠨᠳᠦᠰᠦᠯᠡᠨ᠂ ᠦᠡᠭᠭᠡᠷᠡᠭᠰᠡᠨ ᠵᠢᠯ ᠤᠳ ᠤᠨ ᠡᠯᠰᠡᠭᠰᠡᠨ ᠪᠠᠶᠢᠳᠠᠯ᠂ ᠶᠡᠭᠡ ᠲᠡᠭᠡᠳᠦ ᠰᠤᠷᠭᠠᠭᠤᠯᠢ ᠵᠢᠴᠢ ᠲᠤᠰᠬᠠᠢ ᠮᠡᠷᠬᠡᠵᠢᠯ ᠤᠨ ᠬᠠᠨᠤᠮᠵᠢ ᠶᠢᠨ ᠬᠡᠮᠵᠢᠶ᠎ᠡ᠂ ᠠᠵᠢᠯ ᠤᠯᠤᠬᠰᠠᠨ ᠪᠠᠶᠢᠳᠠᠯ ᠵᠡᠷᠭᠡ ᠤᠯᠠᠨ ᠲᠠᠯ᠎ᠠ ᠶᠢᠨ ᠲᠤᠭ᠎ᠠ ᠪᠠᠷᠢᠮᠳᠠ ᠪᠠᠷ ᠯᠠᠪᠯᠠᠯᠳᠠ ᠪᠤᠯᠭᠠᠵᠦ᠂ ᠬᠤᠪᠢ ᠬᠦᠮᠦᠨ ᠤ ᠬᠦᠰᠡᠯ ᠵᠤᠷᠢᠯᠳᠠ ᠲᠠᠢ ᠪᠠᠨ ᠤᠶᠠᠯᠳᠤᠭᠤᠯᠤᠨ ᠡᠷᠡᠮᠡᠯᠵᠡᠯ ᠰᠤᠩᠭᠤᠨ ᠲᠠᠬᠯᠠᠵᠦ ᠪᠤᠯᠤᠨ᠎ᠠ᠃ ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号