| 6 ᠰᠠᠷ᠎ᠠ ᠶᠢᠨ 14 ᠤ ᠡᠳᠦᠷ ᠪᠤᠯ 22 ᠳ᠋ᠤᠭᠠᠷ ︽ᠳᠡᠯᠡᠬᠡᠶ ᠶᠢᠨ ᠴᠢᠰᠤ ᠬᠠᠨᠳᠢᠪᠯᠠᠭᠴᠢ ᠶᠢᠨ ᠡᠳᠦᠷ︾ | ᠪᠤᠯᠤᠨ᠎ᠠ᠂ ᠡᠨᠡᠬᠦ ᠡᠳᠦᠷ ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠢᠩᠭᠠᠨ | ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠯᠠᠭᠠᠨᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠬᠠᠮᠲᠤᠷᠠᠨ ᠤᠯᠠᠭᠠᠨᠬᠤᠳᠠ ᠳᠠᠬᠢ ᠸᠠᠨ ᠳ᠋ᠠ ᠬᠤᠳᠠᠯᠳᠤᠭᠠᠨ ᠤ ᠭᠠᠵᠠᠷ ᠲᠤ ︽ᠳᠡᠯᠡᠭᠡᠢ ᠶᠢᠨ ᠴᠢᠰᠦ | ᠬᠠᠨᠳᠢᠪᠯᠠᠭᠴᠢ ᠶᠢᠨ ᠡᠳᠦᠷ︾ ᠤᠨ ᠠᠵᠢᠯᠯᠠᠭ᠎ᠠ ᠦᠷᠨᠢᠬᠦᠯᠪᠡ᠃ | ᠲᠤᠬᠠᠶ ᠶᠢᠨ ᠳᠠᠯᠠᠪᠤᠷ ᠲᠤ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠠᠴᠠ ᠴᠢᠰᠤ ᠬᠠᠨᠳᠢᠪᠯᠠᠬᠤ ᠳᠤᠬᠠᠢ | ᠡᠷᠡᠬᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠦᠵᠡᠭᠦᠯᠭᠡ ᠶᠢᠨ ᠲᠣᠭᠤᠷᠢᠭ ᠭᠠᠷᠭᠠᠵᠤ᠂ ᠰᠢᠨᠵᠢᠯᠡᠬᠦ | ᠤᠬᠠᠭᠠᠨᠴᠢ ᠪᠠᠷ ᠴᠢᠰᠦ ᠬᠠᠨᠳᠢᠪᠯᠠᠬᠤ ᠮᠡᠳᠡᠯᠭᠡ ᠶᠢ ᠣᠯᠠᠨ ᠲᠦᠮᠡᠨ ᠳᠤ ᠲᠦᠭᠡᠮᠡᠯᠵᠢᠭᠦᠯᠬᠦ ᠶᠢᠨ ᠬᠠᠮᠲᠤ ᠮᠠᠳᠠᠬ ᠲᠠᠢ | ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠵᠤ᠂ ᠣᠯᠠᠨ ᠲᠦᠮᠡᠨ ᠤ ᠴᠢᠰᠤ ᠬᠠᠨᠳᠢᠪᠯᠠᠬᠤ ᠡᠷᠡᠭᠡᠯᠵᠡᠯ ᠪᠠ | ᠡ᠊ᠨᠳᠡᠭᠦᠷᠡᠯ ᠢ ᠠᠷᠢᠯᠭᠠᠪᠠ᠃ ᠦᠨ᠎ᠠ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠳᠤᠭᠤᠷᠢᠬ ᠲᠤ᠂ ᠡᠮᠴᠢ | ᠠᠵᠢᠯᠲᠠᠳ ᠴᠢᠰᠤ ᠬᠠᠨᠳᠢᠪᠯᠠᠭᠴᠢᠳ ᠤᠨ ᠪᠡᠶ᠎ᠡ ᠮᠠᠬᠠᠪᠣᠳ ᠤᠨ ᠪᠠᠶᠢᠳᠠᠯ ᠢ ᠪᠠᠶᠢᠴᠠᠭᠠᠨ ᠳᠡᠮᠳᠡᠭᠯᠡᠬᠦ ᠶᠢᠨ ᠬᠠᠮᠳᠦ | ᠺᠣᠳ᠋ ᠰᠢᠷᠪᠢᠨ ᠬᠦᠰᠦᠨᠦᠭᠲᠦ ᠲᠠᠭᠯᠠᠬᠤ ᠶᠢ ᠨᠠᠷᠢᠨ ᠨᠢᠮᠪᠠᠶ ᠵᠢᠭᠠᠨ ᠵᠢᠯᠣᠭᠤᠳᠴᠤ᠂ ᠠᠯᠬᠤᠮ ᠶᠤᠰᠤᠭᠠᠷ ᠴᠢᠰᠦ | ᠬᠠᠨᠳᠢᠪᠯᠠᠭᠤᠯᠤᠬᠰᠠᠨ ᠪᠠᠶᠢᠨ᠎ᠠ᠃ | ︽ᠳᠡᠯᠡᠬᠡᠶ ᠶᠢᠨ ᠴᠢᠰᠤ ᠬᠠᠨᠳᠢᠪᠯᠠᠭᠴᠢ ᠶᠢᠨ ᠡᠳᠦᠷ︾ ᠤᠨ ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ | ᠠᠶᠢᠮᠠᠬ ᠤᠨ ᠡᠯ᠎ᠡ ᠬᠤᠰᠢᠭᠤ ᠰᠢᠶᠠᠨ ᠬᠤᠲᠠ ᠶᠢᠨ ᠬᠢᠨ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠶᠢ | ᠵᠡᠷᠭᠡᠪᠡᠷ ᠥᠷᠨᠢᠭᠦᠯᠵᠦ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠰᠢᠨᠵᠢᠯᠡᠬᠦ ᠤᠬᠠᠭᠠᠨᠴᠢ ᠪᠠᠷ ᠴᠢᠰᠤ | ᠬᠠᠨᠳᠢᠪᠯᠠᠬᠤ ᠮᠡᠳᠡᠯᠭᠡ ᠵᠢᠴᠢ ᠴᠢᠰᠦ ᠬᠠᠨᠳᠢᠪᠯᠠᠬᠤ ᠳᠤ ᠬᠤᠯᠪᠤᠬᠳᠠᠬᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ | ᠮᠡᠳᠡᠯᠭᠡ ᠶᠢ ᠨᠡᠶᠢᠲᠡᠯᠡᠵᠦ᠂ ᠤᠯᠠᠨ ᠲᠦᠮᠡᠨ ᠢ ᠢᠳᠡᠪᠬᠢᠳᠠᠢ ᠪᠠᠷ ᠤᠷᠤᠯᠴᠠᠬᠤ ᠶᠢ ᠤᠷᠢᠶᠠᠯᠠᠬᠰᠠᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠲᠤ ᠴᠢᠰᠤ | ᠬᠠᠨᠳᠢᠪᠯᠡᠬᠤ ᠶᠢᠨ ᠠᠴᠢ ᠬᠤᠯᠪᠣᠭᠳᠠᠯ ᠢ ᠮᠡᠳᠡᠬᠦᠯᠵᠦ᠂ ᠨᠠᠩ ᠣᠯᠠᠨ ᠬᠦᠮᠦᠰ ᠢ ᠦᠨ᠎ᠡ ᠲᠥᠯᠥᠪᠦᠷᠢ ᠦᠭᠡᠢ ᠪᠠᠷ | ᠴᠢᠰᠤ ᠬᠠᠨᠳᠢᠪᠯᠡᠬᠤ ᠳᠤ ᠣᠷᠣᠯᠴᠠᠬᠤ ᠬᠠᠯᠠᠭᠤᠨ ᠰᠡᠳᠭᠢᠯᠭᠡ ᠶᠢ ᠬᠥᠭᠵᠢᠭᠡᠪᠡ᠃ ︵ᠴᠢᠮᠡᠭᠡᠯᠡᠭᠴᠢ︶ |