| ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ︽ ᠶᠢᠨ ᠢᠦᠶ ᠪᠦᠦ | ᠯᠢᠩ ᠠᠮᠢᠳᠤ ᠪᠣᠳᠠᠰ ᠤᠨ ᠡᠮ ᠤᠨ ᠵᠦᠢᠯᠠᠰ ᠤᠨ ᠬᠢᠵᠠᠭᠠᠷᠲᠤ ᠺᠣᠮᠫᠠᠨᠢ ᠶᠢᠨ ᠮᠠᠯ ᠳᠤ ᠬᠡᠷᠡᠭᠯᠡᠬᠦ ᠸᠠᠺᠼᠢᠨ ᠤ ᠥᠪᠥᠷ | ᠮᠣᠩᠭᠤᠯ ᠤᠨ ᠠᠺᠠᠳᠧᠮᠢᠴᠢ ᠶᠢᠨ ᠠᠵᠢᠯ ᠤᠨ ᠥᠷᠲᠡᠭᠡ ᠵᠡᠷᠭᠡ 7 ᠠᠺᠠᠳᠧᠮᠢᠴᠢ ᠶᠢᠨ ᠠᠵᠢᠯ ᠤᠨ ᠥᠷᠲᠡᠭᠡ ᠶᠢ | ᠳᠠᠩᠰᠠᠯᠠᠭᠤᠯᠬᠤ ᠲᠤᠬᠠᠶ ᠮᠡᠳᠡᠭᠳᠡᠯ︾ ᠳᠤ ᠬᠢᠩᠭᠠᠨ ᠠᠶᠢᠮᠠᠭ ᠤᠨ ᠮᠡᠳᠡᠬᠦᠯᠦᠭᠰᠡᠨ ︽ᠡᠪᠡᠰᠦᠨ ᠤ ᠦᠢᠯᠡᠰ ᠤᠨ | ᠰᠢᠨᠵᠢᠯᠡᠬᠦ ᠤᠬᠠᠭᠠᠨ ᠤ ᠥᠪᠥᠷ ᠮᠣᠩᠭᠤᠯ ᠤᠨ ᠠᠺᠠᠳᠧᠮᠢᠴᠢ ᠶᠢᠨ ᠠᠵᠢᠯ ᠤᠨ ᠥᠷᠲᠡᠭᠡ︾ ᠶᠢ ᠥᠪᠡᠷᠲᠡᠭᠡᠨ ᠵᠠᠰᠠᠬᠤ | ᠣᠷᠣᠨ ᠳᠤ ᠵᠢᠩᠬᠢᠨᠢ ᠪᠠᠷ ᠳᠠᠩᠰᠠᠯᠠᠭᠤᠯᠵᠤ᠂ ᠲᠣᠰ ᠤᠨ ᠤ ᠪᠥᠬᠦ ᠣᠷᠣᠨ ᠤ ᠴᠣᠬᠤᠯᠠᠪᠤᠷᠢᠯᠠᠭᠰᠠᠨ 7 | ᠠᠺᠠᠳᠧᠮᠢᠴᠢ ᠶᠢᠨ ᠠᠵᠢᠯ ᠤᠨ ᠥᠷᠲᠡᠭᠡ ᠶᠢᠨ ᠳᠣᠲᠣᠷᠠᠬᠢ ᠴᠣᠷ ᠤᠨ ᠭᠠᠭᠴᠠ ᠭᠠᠳᠠᠭᠠᠳᠤ ᠶᠢᠨ ᠠᠺᠠᠳᠧᠮᠢᠴᠢ ᠶᠢᠨ | ᠠᠵᠢᠯ ᠤᠨ ᠥᠷᠲᠡᠭᠡ ᠪᠣᠯᠤᠭᠰᠠᠨ ᠪᠠᠶᠢᠨ᠎ᠠ᠃ | ᠲᠤᠰ ᠠᠺᠠᠳᠧᠮᠢᠴᠢ ᠶᠢᠨ ᠠᠵᠢᠯᠯᠠᠬᠤ ᠥᠷᠲᠡᠭᠡ ᠨᠢ ᠭᠤᠤᠯᠳᠠᠭᠤ ᠪᠡᠯᠴᠢᠭᠡᠷ ᠢ ᠥᠨᠳᠥᠷ ᠪᠦᠲᠦᠮᠵᠢᠲᠡᠶ | ᠠᠰᠢᠭᠯᠠᠬᠤ ᠪᠠ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ᠂ ᠴᠢᠨᠠᠷ ᠰᠠᠶᠢᠲᠠᠶ ᠡᠪᠡᠰᠦ ᠪᠣᠷᠳᠤᠭ᠎ᠠ | ᠪᠤᠶᠢᠵᠢᠭᠤᠯᠬᠤ ᠪᠠ ᠡᠪᠡᠰᠦ ᠦᠷ᠎ᠡ ᠶᠢᠨ ᠦᠢᠯᠡᠳᠪᠦᠷᠢᠯᠡᠯ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠡᠬᠢ | ᠪᠠᠶᠠᠯᠢᠭ ᠤᠨ ᠲᠡᠩᠴᠡᠭᠦᠷᠢ ᠵᠡᠷᠭᠡ ᠬᠢᠩᠭᠠᠨ ᠠᠶᠢᠮᠠᠭ ᠤᠨ ᠣᠶ ᠰᠢᠭᠤᠶ ᠡᠪᠡᠰᠦ ᠪᠡᠯᠴᠢᠭᠡᠷ ᠤᠨ ᠰᠢᠯᠵᠢᠯᠲᠡ ᠶᠢᠨ | ᠣᠷᠣᠨ ᠤ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠰᠢᠨᠵᠢᠯᠡᠬᠦ ᠤᠬᠠᠭᠠᠨ ᠤ | ᠰᠤᠳᠤᠯᠭᠠᠨ ᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢ ᠠᠬᠢᠭᠤᠯᠬᠤ ᠶᠠᠪᠤᠴᠠ ᠳᠠᠬᠢ ᠲᠦᠭᠵᠢᠷᠡᠯ ᠢ ᠰᠢᠪᠳᠤᠯᠤᠨ ᠬᠢᠩᠭᠠᠨ ᠠᠶᠢᠮᠠᠭ ᠤᠨ ᠡᠪᠡᠰᠦᠨ ᠤ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠦᠷᠭᠦᠯᠵᠢᠯᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠯᠭᠠᠭᠤᠷᠢᠯᠠᠯ ᠬᠠᠩᠭᠠᠬᠤ ᠪᠣᠯᠤᠨ᠎ᠠ᠃ | ᠲᠣᠰ ᠤᠳᠠᠭᠠᠨ ᠤ ᠠᠺᠠᠳᠧᠮᠢᠴᠢ ᠶᠢᠨ ᠠᠵᠢᠯ ᠤᠨ ᠥᠷᠲᠡᠭᠡ ᠵᠥᠪᠰᠢᠶᠡᠷᠡᠭᠳᠡᠭᠰᠡᠨ ᠨᠢ ᠬᠢᠩᠭᠠᠨ ᠠᠶᠢᠮᠠᠭ | ᠬᠢᠭᠡᠳ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠰᠤᠷᠭᠠᠭᠤᠯᠢ ᠪᠠ ᠣᠷᠣᠨ ᠨᠤᠲᠤᠭ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠪᠦᠲᠦᠮᠵᠢᠲᠡᠶ ᠰᠦᠪᠡᠭᠴᠢᠯᠡᠯᠲᠡ | ᠪᠣᠯᠬᠤ ᠪᠠᠷ ᠪᠠᠷᠠᠬᠤ ᠥᠬᠡᠶ᠂ ᠨᠠᠩ ᠴᠤ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠲᠡ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ | ᠠᠵᠤ ᠦᠢᠯᠡᠰ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠶᠡᠭᠡ ᠪᠠᠷ ᠪᠤᠶᠢᠵᠢᠭᠤᠯᠤᠨ ᠬᠥᠭᠵᠢᠭᠦᠯᠬᠦ | ᠠᠮᠢᠳᠤᠯᠢᠭ ᠦᠢᠯᠡᠳᠦᠯᠭᠡ ᠪᠣᠯᠤᠨ᠎ᠠ᠃ ᠰᠤᠷᠭᠠᠭᠤᠯᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠲᠣᠰ | ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠪᠠᠷ | ᠬᠤᠯᠪᠣᠭᠠᠰᠤ ᠪᠣᠯᠭᠠᠵᠤ᠂ ᠨᠠᠩ ᠣᠯᠠᠨ ᠡᠪᠡᠰᠦᠨ ᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠬᠢᠩᠭᠠᠨ ᠠᠶᠢᠮᠠᠭ ᠲᠤ ᠨᠠᠶᠢᠳᠠᠪᠤᠷᠢᠵᠢᠭᠤᠯᠤᠨ ᠬᠤᠪᠢᠷᠠᠭᠤᠯᠵᠤ᠂ ᠣᠷᠣᠨ ᠨᠤᠲᠤᠭ ᠤᠨ ᠠᠵᠤ | ᠠᠬᠤᠶ ᠳᠤ ᠦᠢᠯᠡᠴᠢᠯᠡᠨ᠂ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ︵ᠯᠢ ᠤᠭ᠍ᠶᠦ︶ | | |