ᠬᠢᠩᠭᠠᠨ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/23
        6 ᠰᠠᠷ᠎ᠠ ᠶᠢᠨ 18 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃        ᠬᠤᠷᠠᠯ ᠠᠴᠠ ᠴᠢᠩᠭᠠᠳᠬᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠳᠤᠭᠤᠰᠢᠯᠠᠭᠤᠯᠵᠦ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠦᠰ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃        ᠬᠤᠷᠠᠯ ᠠᠴᠠ ᠴᠢᠬᠤᠯᠠᠴᠢᠯᠠᠭᠰᠠᠨ ᠨᠢ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ᠂ ᠲᠥᠪᠯᠡᠷᠡᠭᠦᠯᠦᠨ ᠴᠡᠭᠴᠡᠯᠡᠨ ᠵᠠᠰᠠᠬᠤ ᠭᠤᠣᠯᠳᠠᠯᠭ᠎ᠠ ᠪᠣᠯᠤᠨ ᠬᠤᠰᠢᠭᠤ ᠰᠢᠶᠠᠨ ᠬᠤᠳᠠ ᠶᠢᠨ ᠭᠤᠣᠯ ᠳᠠᠶᠢᠨ ᠤ ᠲᠠᠯᠠᠪᠤᠷ ᠢ ᠴᠢᠩᠭ᠎ᠠ ᠠᠩᠬᠠᠷᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠵᠢᠯ ᠤᠨ ᠳᠤᠲᠠᠭᠤᠳᠠᠯ ᠢᠶᠠᠨ ᠨᠥᠬᠦᠪᠥᠷᠢᠯᠡᠵᠦ᠂ ᠠᠰᠠᠭᠤᠳᠠᠯ ᠤᠨ ᠰᠦᠪᠡᠭᠴᠢ ᠶᠢ ᠤᠯᠠᠨ ᠠᠷᠭ᠎ᠠ ᠵᠠᠮ ᠢᠶᠠᠷ ᠢᠯᠡᠷᠡᠭᠦᠯᠵᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠲᠦᠷᠢᠮ ᠲᠣᠭᠲᠠᠭᠠᠯ ᠲᠣᠭᠲᠠᠭᠠᠬᠤ ᠶᠢ ᠬᠦᠴᠦᠯᠡᠨ ᠰᠠᠶᠢᠲᠤᠷ ᠠᠳᠬᠤᠵᠤ᠂ ︽ᠨᠢᠭᠡ ᠪᠠᠯᠭᠠᠰᠤ ᠵᠡᠭᠡᠯᠢ ᠨᠢᠭᠡ ᠪᠣᠳᠠᠲᠥ ᠶᠠᠪᠤᠳᠠᠯ︾ ᠤᠨ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠷ᠎ᠡ ᠪᠦᠲᠦᠭᠡᠯ ᠢᠶᠠᠨ ᠲᠠᠰᠤᠷᠠᠯᠳᠠ ᠦᠭᠡᠢ ᠪᠠᠬᠢᠵᠢᠭᠦᠯᠵᠦ᠂ ᠳᠠᠶᠢᠯᠠᠯᠳᠤᠭᠠᠨ ᠤ ᠦᠷ᠎ᠡ ᠪᠦᠲᠦᠭᠡᠯ ᠢᠶᠠᠨ ᠥᠷᠭᠡᠳᠭᠡᠬᠦ ᠬᠡᠷᠡᠭᠲᠡᠢ ᠭᠡᠵᠡᠢ᠃        ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠬᠢᠩᠭᠠᠨ ᠠᠶᠢᠮᠠᠭ ᠲᠤ ᠰᠢᠨᠵᠢᠯᠡᠨ ᠪᠠᠶᠢᠴᠠᠭᠠᠯᠳᠠ ᠬᠢᠵᠦ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠬᠥᠮᠦᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠥᠷᠨᠢᠭᠦᠯᠵᠦ᠂ ︽ᠦᠵᠡᠯ ᠰᠠᠨᠠᠭ᠎ᠠ ᠪᠠᠨ ᠰᠤᠯᠠᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ︾ ᠱᠠᠭᠠᠷᠳᠠᠯᠭ᠎ᠠ ᠶᠣᠰᠣᠭᠠᠷ᠂ ᠲᠠᠬᠢᠨ ᠨᠢᠭᠡ ᠬᠤᠭᠤᠴᠠᠭ᠎ᠠ ᠴᠢᠩᠭ᠎ᠠ ᠪᠠᠶᠢᠬᠤ᠂ ᠲᠠᠬᠢᠨ ᠭᠦᠨᠵᠡᠭᠡᠢ ᠪᠠᠶᠢᠬᠤ᠂ ᠲᠠᠬᠢᠨ ᠪᠣᠳᠠᠲᠠᠢ ᠪᠠᠶᠢᠬᠤ ᠶᠢ ᠪᠠᠷᠢᠮᠲᠠᠯᠠᠵᠤ᠂ ︽ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ︾ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ︽ᠡᠷᠭᠢᠵᠦ ᠬᠠᠷᠠᠬᠤ︾ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠠᠰᠠᠭᠤᠳᠠᠯ ᠢ ᠭᠦᠨᠵᠡᠭᠡᠢ ᠪᠠᠶᠢᠴᠠᠭᠠᠨ ᠦᠵᠡᠵᠦ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠡᠷᠡᠰ ᠬᠤᠷᠢᠭᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠮᠵᠢ ᠶᠢ ᠪᠠᠬᠢᠵᠢᠭᠦᠯᠵᠦ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠭᠡᠬᠦ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠢᠩᠭᠠᠨ ᠠᠶᠢᠮᠠᠭ ᠤᠨ ᠲᠥᠯᠥᠪᠵᠢᠭᠦᠯᠦᠭᠰᠡᠨ ᠴᠢᠬᠤᠯᠠ ᠵᠦᠢᠯᠡᠰ᠂ ᠴᠢᠬᠤᠯᠠ ᠶᠡᠭᠡ ᠲᠦᠷᠦᠯ ᠵᠦᠢᠯ ᠢ ᠥᠪᠡᠷᠲᠡᠭᠡᠨ ᠵᠠᠰᠠᠬᠤ ᠣᠷᠣᠨ ᠤ ᠥᠪᠥᠷ ᠮᠣᠩᠭᠤᠯ ᠤᠨ ᠵᠡᠭᠦᠨ ᠬᠡᠰᠡᠭ ᠤᠷᠤᠨ ᠢ ᠬᠥᠭᠵᠢᠭᠦᠯᠦᠨ ᠮᠠᠨᠳᠤᠭᠤᠯᠬᠤ ᠠᠷᠭ᠎ᠠ ᠬᠡᠮᠵᠢᠶ᠎ᠡ ᠳᠤ ᠣᠷᠣᠭᠤᠯᠬᠤ ᠪᠠᠷ ᠢᠳᠡᠪᠬᠢᠲᠡᠢ ᠴᠢᠷᠮᠠᠶᠢᠵᠤ᠂ ᠰᠤᠷᠲᠠᠯ ᠢ ᠰᠠᠶᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ ᠪᠠᠷ ᠡᠯ᠎ᠡ ᠲᠥᠷᠥᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠡᠢ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠵᠠᠩ ᠸᠧᠢ ᠨᠠᠨ ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号