ᠤᠯᠠᠭᠠᠨᠬᠤᠳᠠ ᠬᠠᠥᠯᠢ ᠪᠤᠰᠤ ᠪᠠᠷ ᠭᠡᠭᠡᠷ᠎ᠠ ᠶᠢᠨ ᠠᠮᠢᠳᠠᠨ ᠢ ᠠᠷᠠᠯᠵᠢᠶᠠᠯᠠᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠡ
ᠨᠡᠶᠢᠲᠡᠯᠡᠭᠰᠡᠨ ᠴᠠᠭ᠄
2025/6/23
        ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠦᠨᠡᠨ ᠬᠦ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠬᠤ᠂ ᠠᠷᠠᠯᠵᠢᠶᠠᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠷ ᠤᠶᠢᠷ᠎ᠠ ᠶᠢᠨ ᠡᠳᠦᠷ ᠂ ᠤᠯᠠᠭᠠᠨᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠠᠭᠠᠨᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠠᠭᠠᠨᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠳᠤᠭᠤᠢᠢᠯᠠᠩ ᠪᠠᠶᠢᠭᠤᠯᠤᠨ᠂ ᠬᠠᠷᠢᠶᠠᠲᠤ ᠣᠷᠣᠨ ᠤ ᠪᠠᠨ ᠵᠠᠬ᠎ᠠ ᠳᠡᠯᠭᠡᠭᠦᠷ ᠢᠶᠠᠷ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠬᠡᠭᠡᠷ᠎ᠡ ᠶᠢᠨ ᠰᠢᠪᠠᠭᠤᠨ ᠤ ᠲᠥᠷᠥᠯ ᠢ ᠬᠠᠤᠯᠢ ᠪᠤᠰᠤ ᠪᠠᠷ ᠬᠤᠳᠠᠯᠳᠤᠭᠰᠠᠨ ᠬᠡᠷᠡᠭ ᠢ ᠪᠠᠶᠢᠴᠠᠭᠠᠨ ᠰᠶᠢᠳᠪᠦᠷᠢᠯᠡᠵᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠰᠦᠷᠳᠡᠭᠦᠯᠵᠦ᠂ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃        ᠲᠣᠰ ᠤᠳᠠᠭᠠᠨ ᠤ ᠠᠵᠢᠯᠯᠠᠭ᠎ᠠ ᠨᠢ ᠵᠠᠬ᠎ᠠ ᠳᠡᠯᠭᠡᠭᠦᠷ ᠤᠨ ᠬᠤᠳᠠᠯᠳᠤᠭᠠᠴᠢᠨ ᠡᠷᠦᠬᠡ ᠳᠤ ᠬᠡᠭᠡᠷ᠎ᠡ ᠶᠢᠨ ᠠᠮᠢᠲᠠᠨ ᠵᠢᠴᠢ ᠭᠡᠭᠡᠷ᠎ᠠ ᠶᠢᠨ ᠠᠮᠢᠳᠠᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠬᠤᠳᠠᠯᠳᠤᠭᠰᠠᠨ ᠦᠢᠯᠡ ᠠᠵᠢᠯᠯᠠᠭ᠎ᠠ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠬᠠᠤᠯᠢ ᠬᠡᠷᠡᠭᠵᠢᠭᠦᠯᠬᠦ ᠶᠠᠪᠤᠴᠠ ᠳᠤ᠂ ᠠᠵᠢᠯᠲᠠᠨ ᠠᠴᠠ ᠬᠡᠭᠡᠷ᠎ᠡ ᠶᠢᠨ ᠰᠢᠪᠠᠭᠤᠨ ᠤ ᠲᠥᠷᠥᠯ ᠢ ᠲᠣᠭᠲᠠᠭᠠᠯ ᠠᠴᠠ ᠵᠥᠷᠢᠴᠡᠨ ᠬᠤᠳᠠᠯᠳᠤᠵᠤ ᠪᠠᠶᠢᠬᠤ ᠶᠢ ᠢᠯᠡᠷᠡᠬᠦᠯᠵᠤ᠂ ᠬᠠᠤᠯᠢ ᠲᠣᠭᠲᠠᠭᠠᠯ ᠶᠣᠰᠣᠭᠠᠷ ᠰᠶᠢᠳᠪᠤᠷᠢᠯᠡᠭᠰᠡᠨ ᠤ ᠬᠠᠮᠲᠤ ᠪᠤᠰᠤᠳ ᠳᠥᠷᠪᠡᠨ ᠡᠵᠡᠩᠨᠡᠯᠲᠡ ᠶᠢᠨ ᠡᠷᠦᠬᠡ ᠳᠤ ᠤᠬᠠᠭᠤᠯᠭ᠎ᠠ ᠬᠥᠮᠦᠵᠢᠯ ᠬᠢᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠡᠬᠤ ᠶᠢ ᠱᠠᠭᠠᠷᠳᠠᠪᠠ᠃ ᠠᠵᠢᠯᠯᠠᠭ᠎ᠠ ᠶᠢᠨ ᠳᠤᠮᠳᠠ ᠪᠠᠶᠢᠴᠠᠭᠠᠵᠤ ᠣᠯᠤᠭᠰᠠᠨ 5 ᠬᠡᠭᠡᠷ᠎ᠡ ᠶᠢᠨ ᠰᠢᠪᠠᠭᠤ ᠶᠢ ᠴᠠᠭ ᠲᠤᠬᠠᠶ ᠳᠤᠨᠢ ᠠᠪᠤᠷᠠᠯᠳᠠ ᠬᠢᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠤᠷᠴᠢᠨ ᠳᠤ ᠲᠠᠯᠪᠢᠵᠤ ᠶᠠᠪᠤᠭᠤᠯᠪᠠ᠃        ᠲᠣᠰ ᠤᠳᠠᠭᠠᠨ ᠤ ᠬᠠᠮᠲᠤᠷᠠᠨ ᠬᠠᠤᠯᠢ ᠬᠡᠷᠡᠭᠵᠢᠭᠦᠯᠬᠦ ᠨᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠭᠰᠡᠨ ᠮᠥᠷᠲᠡᠭᠡᠨ ᠪᠠᠰᠠ ᠣᠯᠠᠨ ᠨᠡᠶᠢᠲᠡ ᠳᠤ ᠨᠢᠭᠡ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠬᠦᠯᠤᠨ ᠤᠬᠠᠭᠤᠯᠭ᠎ᠠ ᠬᠢᠵᠠᠢ᠃ ᠣᠢᠢᠷ᠎ᠠ ᠶᠢᠨ ᠵᠢᠯ ᠳᠤ᠂ ᠤᠯᠠᠭᠠᠨᠬᠤᠲᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠩᠭᠤ ᠲᠣᠭᠤᠷᠢᠨ ᠪᠠᠶᠢᠴᠠᠭᠠᠬᠤ᠂ ᠲᠤᠰᠬᠠᠶ ᠴᠣᠬᠢᠯᠲᠠ ᠥᠭᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠭᠰᠠᠨ ᠬᠠᠮᠠᠭᠠᠯᠠᠯᠲᠠ ᠶᠢᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠪᠠ᠃        ᠤᠯᠠᠭᠠᠨᠬᠤᠲᠠ ᠦᠷᠭᠦᠯᠵᠢᠯᠡᠨ ᠬᠠᠤᠯᠢ ᠬᠡᠷᠡᠭᠵᠢᠭᠦᠯᠬᠦ ᠪᠦᠷᠬᠦᠴᠡ ᠪᠠᠨ ᠥᠷᠭᠡᠳᠬᠡᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ ᠤᠯᠠᠨ ᠤᠳᠠᠭ᠎ᠠ ᠪᠠᠶᠢᠴᠠᠭᠠᠯᠲᠠ ᠥᠷᠨᠢᠭᠦᠯᠬᠦ ᠶᠢᠨ ᠬᠠᠮᠲᠤ ᠢᠯᠡᠴᠢᠯᠡᠨ ᠮᠡᠳᠡᠭᠦᠯᠬᠦ ᠠᠷᠭ᠎ᠠ ᠵᠠᠮ ᠢᠶᠠᠨ ᠰᠢᠯᠤᠭᠤᠳᠬᠠᠵᠤ᠂ ᠤᠯᠠᠨ ᠲᠦᠮᠡᠨ ᠤ ᠰᠦᠪᠡᠭᠴᠢ ᠶᠢ ᠢᠳᠡᠪᠬᠢᠲᠡᠢ ᠬᠠᠩᠭᠠᠬᠤ ᠶᠢ ᠵᠣᠷᠢᠭᠵᠢᠭᠤᠯᠵᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠬᠢᠵᠢᠭᠦᠯᠦᠨ᠎ᠡ᠃ ︵ᠴᠠᠶᠢᠯᠭᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号